ᠮᠥᠩᠬᠡᠥ᠋ᠯᠵᠡᠢ

1 ᠲᠤᠪᠴᠢ ᠲᠠᠨᠢᠯᠴᠠᠭᠤᠯᠭ᠎ᠠ

ᠨᠡᠷ᠎ᠡ᠄ ᠮᠦᠩᠬᠡᠦ᠋ᠯᠵᠡᠢ

ᠬᠦᠢᠰᠦ᠄ ᠡᠷᠡᠭᠳᠡᠢ

ᠦᠨᠳᠦᠰᠦᠳᠡᠨ᠄ ᠮᠤᠩᠭᠤᠯ ᠦᠨᠳᠦᠰᠦᠳᠡᠨ

ᠲᠦᠷᠦᠭᠰᠡᠨ ᠤᠨ ᠰᠠᠷ᠎ᠠ᠄ 1972 ᠤᠨ ᠤ 10 ᠰᠠᠷ᠎ᠠ

ᠲᠦᠷᠦᠭᠰᠡᠨ ᠨᠤᠳᠤᠭ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠤᠩᠨᠢᠭᠤᠳ ᠬᠤᠰᠢᠭᠤ

ᠡᠷᠳᠡᠮ ᠤᠨ ᠴᠤᠯᠠ᠄ ᠳ᠋ᠤᠺᠲ᠋ᠤᠷ

ᠮᠡᠷᠭᠡᠵᠢᠯ ᠤᠨ ᠴᠤᠯᠠ᠄ ᠲᠡᠳ᠋ ᠫᠷᠤᠹᠧᠰᠰᠤᠷ

ᠢᠮᠧᠯ᠄ munheocha@hotmail.com

2 ᠲᠤᠪᠴᠢ ᠨᠡᠮᠳᠡᠷ

1992.9 —1996.7 ᠰᠠᠷ᠎ᠠ ᠳᠤ᠂ ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠮᠤᠩᠭᠤᠯ ᠬᠡᠯᠡ ᠤᠳᠬ᠎ᠠ ᠵᠤᠬᠢᠶᠠᠯ ᠤᠨ ᠰᠠᠯᠪᠤᠷᠢ ᠳᠤ ᠦᠨᠳᠦᠰᠦᠨ ᠠᠩᠭᠢ ᠪᠠᠷ ᠰᠤᠷᠤᠯᠴᠠᠵᠠᠢ᠃

1996.9 —1999.7 ᠰᠠᠷ᠎ᠠ ᠳᠤ᠂ ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠮᠤᠩᠭᠤᠯ ᠰᠤᠳᠤᠯᠤᠯ ᠤᠨ ᠲᠡᠭᠡᠳᠦ ᠰᠤᠷᠭᠠᠭᠤᠯᠢ ᠳᠤ ᠰᠤᠷᠤᠯᠴᠠᠵᠤ᠂ ᠤᠳᠬ᠎ᠠ ᠵᠤᠬᠢᠶᠠᠯ ᠤᠨ ᠮᠠᠰᠲ᠋ᠧᠷ ᠴᠤᠯᠠ ᠬᠠᠮᠠᠭᠠᠯᠠᠵᠠᠢ᠃

1999.9 —2002.7 ᠰᠠᠷ᠎ᠠ ᠳᠤ᠂ ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠮᠤᠩᠭᠤᠯ ᠰᠤᠳᠤᠯᠤᠯ ᠤᠨ ᠲᠡᠭᠡᠳᠦ ᠰᠤᠷᠭᠠᠭᠤᠯᠢ ᠳᠤ ᠰᠤᠷᠤᠯᠴᠠᠵᠤ᠂ ᠳ᠋ᠤᠺᠲ᠋ᠤᠷ ᠴᠤᠯᠠ ᠬᠠᠮᠠᠭᠠᠯᠠᠵᠠᠢ᠃

2002.7 —2006.4 ᠰᠠᠷ᠎ᠠ ᠶᠢᠨ ᠳᠤ᠂ ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠮᠤᠩᠭᠤᠯ ᠰᠤᠳᠤᠯᠤᠯ ᠤᠨ ᠲᠡᠭᠡᠳᠦ ᠰᠤᠷᠭᠠᠭᠤᠯᠢ ᠳᠤ ᠯᠧᠺᠲ᠋ᠤᠷ ᠢᠶᠠᠷ ᠠᠵᠢᠯᠯᠠᠵᠠᠢ᠃

2006.9 —2007.7 ᠰᠠᠷ᠎ᠠ ᠶᠢᠨ ᠳᠤ᠂ ᠪᠡᠬᠡᠵᠢᠩ ᠶᠡᠭᠡ ᠰᠤᠷᠭᠠᠭᠤᠯᠢ ᠶᠢᠨ ᠨᠡᠶᠢᠬᠡᠮ ᠵᠦᠢ ᠶᠢᠨ ᠤᠬᠠᠭᠠᠨ ᠤ ᠰᠠᠯᠪᠤᠷᠢ ᠶᠢᠨ ᠵᠤᠴᠢᠨ ᠰᠤᠳᠤᠯᠤᠭᠠᠴᠢ︔

2009.10 —2010.10 ᠰᠠᠷ᠎ᠠ ᠳᠤ᠂ ᠶᠠᠫᠤᠨ ᠤ ᠸᠠᠰᠧᠳᠠ ᠶᠡᠭᠡ ᠰᠤᠷᠭᠠᠭᠤᠯᠢ ᠶᠢᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠵᠤᠴᠢᠨ ᠰᠤᠳᠤᠯᠤᠭᠠᠴᠢ᠃

2006.4 —2007.7 ᠰᠠᠷ᠎ᠠ ᠳᠤ᠂ ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠮᠤᠩᠭᠤᠯ ᠰᠤᠳᠤᠯᠤᠯ ᠤᠨ ᠲᠡᠭᠡᠳᠦ ᠰᠤᠷᠭᠠᠭᠤᠯᠢ ᠳᠤ ᠲᠡᠳ᠋ ᠫᠷᠤᠹᠧᠰᠰᠤᠷ ᠢᠶᠠᠷ ᠠᠵᠢᠯᠯᠠᠵᠠᠢ᠃

2007.7 — ᠤᠳᠤ ᠪᠤᠯᠳᠠᠯ᠎ᠠ᠂ ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠤᠭᠰᠠᠭᠠᠳᠠᠨ ᠵᠦᠢ ᠨᠡᠶᠢᠬᠡᠮ ᠵᠦᠢ ᠶᠢᠨ ᠳᠡᠭᠡᠳᠦ ᠰᠤᠷᠭᠠᠭᠤᠯᠢ ᠶᠢᠨ ᠲᠡᠳ᠋ ᠫᠷᠤᠹᠧᠰᠰᠤᠷ᠂ ᠠᠰᠫᠢᠷᠠᠨᠲ ᠤᠨ ᠵᠢᠯᠤᠭᠤᠳᠤᠭᠴᠢ ᠪᠠᠭᠰᠢ ᠪᠠᠷ ᠠᠵᠢᠯᠯᠠᠵᠤ ᠪᠠᠶᠢᠨ᠎ᠠ᠃

3 ᠬᠠᠪᠰᠤᠷᠭᠠᠨ ᠬᠠᠷᠢᠭᠤᠴᠠᠭᠰᠠᠨ ᠠᠵᠢᠯ

ᠳᠤᠮᠳᠠᠳᠤ ᠤᠯᠤᠰ ᠤᠨ ᠤᠷᠴᠢᠨ ᠲᠤᠭᠤᠷᠢᠨ ᠤ ᠨᠡᠶᠢᠭᠡᠮ ᠵᠦᠢ ᠶᠢᠨ ᠨᠡᠶᠢᠭᠡᠮᠯᠢᠭ ᠤᠨ ᠭᠡᠷᠡᠭ ᠡᠷᠬᠢᠯᠡᠭᠴᠢ︔

ᠲᠤᠮᠳᠠᠳᠤ ᠤᠯᠤᠰ ᠤᠨ ᠮᠤᠩᠭᠤᠯ ᠤᠷᠠᠨ ᠵᠤᠬᠢᠶᠠᠯ ᠤᠨ ᠰᠤᠳᠤᠯᠭᠠᠨ ᠤ ᠨᠡᠶᠢᠬᠡᠮᠯᠢᠭ ᠤᠨ ᠬᠡᠰᠢᠬᠦᠨ︔

ᠦᠪᠦᠷ ᠮᠤᠩᠭᠤᠯ ᠤᠨ ᠲᠠᠯ᠎ᠠ ᠨᠤᠳᠤᠭ ᠤᠨ ᠰᠤᠶᠤᠯ ᠤᠨ ᠰᠤᠳᠤᠯᠭᠠᠨ ᠤ ᠨᠡᠶᠢᠬᠡᠮᠯᠢᠭ ᠤᠨ ᠬᠡᠷᠡᠭ ᠡᠷᠬᠢᠯᠡᠭᠴᠢ︔

ᠶᠠᠫᠥᠨ ᠤ ᠤᠷᠴᠢᠨ ᠲᠤᠭᠤᠷᠢᠨ ᠤ ᠨᠡᠶᠢᠬᠡᠮ ᠵᠦᠢ ᠶᠢᠨ ᠤᠬᠠᠭᠠᠨ ᠤ ᠰᠤᠳᠤᠯᠭᠠᠨ ᠤ ᠨᠡᠶᠢᠬᠡᠮᠯᠢᠭ ᠤᠨ ᠬᠡᠰᠢᠬᠦᠨ︔

ᠶᠠᠫᠤᠨ ᠤ ᠸᠠᠰᠧᠳᠠ ᠶᠡᠭᠡ ᠰᠤᠷᠭᠠᠭᠤᠯᠢ ᠶᠢᠨ ᠰᠤᠶᠤᠯ ᠤᠨ ᠬᠦᠮᠦᠨ ᠰᠤᠳᠤᠯᠤᠯ ᠤᠨ ᠰᠤᠳᠤᠯᠭᠠᠨ ᠤ ᠨᠡᠶᠢᠬᠡᠮᠯᠢᠭ ᠤᠨ ᠬᠡᠰᠢᠬᠦᠨ︔

4 ᠵᠢᠭᠠᠨ ᠰᠤᠷᠭᠠᠯᠲᠠ ᠶᠢᠨ ᠠᠵᠢᠯ

(1) ᠬᠢᠴᠢᠶᠡᠯ ᠲᠦᠷᠦᠯ᠄

2004.2 —2008.7 ︽ᠨᠡᠶᠢᠬᠡᠮ ᠵᠦᠢ ᠶᠢᠨ ᠤᠳᠤᠷᠢᠳᠬᠠᠯ︾︔

2004.2 —2008.7《ᠤᠯᠤᠰ ᠲᠦᠷᠦ ᠶᠢᠨ ᠬᠦᠮᠦᠨ ᠵᠦᠢ》︔

2004.2 —2008.1 《ᠤᠭᠰᠠᠭᠠᠲᠠᠨ ᠪᠠ ᠦᠨᠳᠦᠰᠦᠲᠡᠨ ᠤ ᠤᠨᠤᠯ》︔

2003.2 —2008.7 《ᠮᠤᠩᠭᠤᠯ ᠦᠨᠳᠦᠰᠦᠳᠡᠨ ᠤ ᠤᠷᠠᠨ ᠵᠤᠬᠢᠶᠠᠯ》︔

2004.9 —2006.1 《ᠦᠷᠦᠨᠡᠳᠡᠬᠢᠨ ᠤ ᠨᠡᠶᠢᠬᠡᠮ ᠵᠦᠢ ᠵᠢᠨ‌ ᠤᠨᠤᠯ》︔

2006.2 —7 《ᠦᠷᠦᠨᠡᠳᠡᠬᠢᠨ ᠤ ᠤᠯᠤᠰ ᠲᠦᠷᠦ ᠦᠵᠡᠯ ᠰᠠᠨᠠᠭᠠᠨ ᠤ ᠲᠡᠦᠬᠡ》︔

2009.9 — 《ᠲᠤᠮᠳᠠᠳᠤ ᠤᠯᠤᠰ ᠤᠨ ᠨᠡᠶᠢᠬᠡᠮ ᠵᠦᠢ ᠶᠢᠨ ᠲᠡᠦᠬᠡ》︔

2009.9 — 《ᠳᠤᠮᠳᠠᠳᠤ ᠤᠯᠤᠰ ᠤᠨ ᠨᠡᠶᠢᠭᠡᠮ ᠤᠨ ᠲᠡᠦᠬᠡ》︔

2010.2 — 《ᠤᠷᠴᠢᠨ ᠲᠤᠭᠤᠷᠢᠨ ᠤ ᠨᠡᠶᠢᠬᠡᠮ ᠵᠦ》︔

2011.2 — 《ᠬᠠᠮᠲᠤᠯᠢᠭ ᠤᠨ ᠰᠤᠳᠤᠯᠤᠯ》︔

2011.9 — 《ᠤᠷᠴᠢᠨ ᠲᠤᠭᠤᠷᠢᠨ ᠤ ᠨᠡᠶᠢᠬᠡᠮ ᠵᠦᠢ》︔

2012.9 — 《ᠤᠷᠴᠢᠨ ᠲᠤᠭᠤᠷᠢᠨ ᠤ ᠲᠦᠷᠦ ᠶᠢᠨ ᠪᠤᠳᠤᠯᠭ᠎ᠠ ᠶᠢᠨ ᠲᠤᠬᠠᠢ ᠲᠤᠰᠬᠠᠢ ᠰᠡᠳᠦᠪᠲᠦ ᠬᠢᠴᠢᠶᠡᠯ》︔

(2) ᠠᠰᠫᠢᠷᠠᠨᠲ ᠵᠢᠯᠤᠭᠤᠳᠬᠤ

ᠡᠯᠰᠡᠨ ᠵᠢᠯᠤᠭᠤᠳᠴᠤ ᠪᠠᠶᠢᠭ᠎ᠠ ᠠᠰᠫᠢᠷᠠᠨᠲ 5᠂ ᠲᠡᠭᠦᠰᠦᠭᠰᠡᠨ ᠠᠰᠫᠢᠷᠠᠨᠲ 20᠃

5 ᠰᠤᠳᠤᠯᠭᠠᠨ ᠴᠢᠭᠯᠡᠯ

ᠤᠷᠴᠢᠨ ᠲᠤᠭᠤᠷᠢᠨ ᠬᠢᠭᠡᠳ ᠭᠦᠭᠵᠢᠯᠳᠡ︔ ᠠᠮᠢ ᠠᠬᠤᠢ ᠶᠢᠨ ᠬᠠᠮᠠᠭᠠᠯᠠᠯᠳᠠ ᠬᠢᠬᠡᠳ ᠨᠤᠳᠤᠭ ᠤᠨ ᠮᠡᠳᠡᠯᠬᠡ︔ ᠤᠷᠠᠨ ᠵᠤᠬᠢᠶᠠᠯ ᠤᠨ ᠨᠡᠶᠢᠬᠡᠮ ᠵᠦᠢ︔ ᠬᠦᠮᠦᠯᠢᠭ ᠭᠠᠵᠠᠷ ᠵᠦᠢ︔ ᠮᠤᠩᠭᠤᠯᠴᠤᠳ ᠤᠨ ᠰᠠᠭᠤᠷᠢᠰᠢᠯ ᠬᠢᠬᠡᠳ ᠤᠷᠴᠢᠨ ᠲᠤᠭᠤᠷᠢᠨ ᠤ ᠰᠤᠶᠤᠯ︔ ᠢᠷᠦᠬᠡᠯ ᠮᠠᠭᠳᠠᠭᠠᠯ ᠤᠨ ᠲᠤᠬᠠᠢ ᠰᠤᠳᠤᠯᠭᠠᠨ︔

6 ᠰᠤᠳᠤᠯᠭᠠᠨ ᠤ ᠲᠦᠰᠦᠯ

(1) 2000 —2002 ᠤᠨ ᠳᠤ᠂ ᠤᠯᠤᠰ ᠤᠨ ᠨᠡᠶᠢᠬᠡᠮ ᠤᠨ ᠰᠢᠨᠵᠢᠯᠡᠬᠦ ᠤᠬᠠᠭᠠᠨ ᠤ ᠰᠠᠩ ᠤᠨ ᠲᠦᠰᠦᠯ᠄ 《ᠮᠤᠩᠭᠤᠯ ᠰᠤᠳᠤᠯᠤᠯ ᠤᠨ ᠨᠡᠪᠳᠡᠷᠬᠡᠢ ᠲᠤᠯᠢ — ᠤᠷᠠᠨ ᠵᠤᠬᠢᠶᠠᠯ ᠤᠨ ᠪᠤᠳᠢ》᠂ ᠲᠤᠮᠤ ᠬᠡᠮᠵᠢᠶᠡᠨ ᠤ ᠲᠤᠯᠢ ᠪᠢᠴᠢᠭ ᠤᠨ ᠭᠡᠰᠡᠭ ᠪᠦᠯᠦᠭ ᠢ ᠬᠠᠷᠢᠭᠤᠴᠠᠵᠠᠢ︔

(2) 2003.5 —2004.10 ᠰᠠᠷ᠎ᠠ ᠳᠤ᠂ ᠶᠦᠨᠨᠠᠨ ᠶᠡᠭᠡ ᠰᠤᠷᠭᠠᠭᠤᠯᠢ ᠶᠢᠨ ᠤᠭᠰᠠᠭᠠᠳᠠᠨ ᠵᠦᠢ ᠶᠢᠨ 2003 —2004 ᠤᠨ ᠤ ᠭᠤᠤᠯᠳᠠᠯᠭᠠᠳᠤ ᠰᠤᠳᠤᠯᠭᠠᠨ ᠤ ᠲᠦᠰᠦᠯ᠄ 《ᠳᠤᠮᠳᠠᠳᠤ ᠤᠯᠤᠰ ᠤᠨ ᠴᠦᠬᠡᠨ ᠲᠤᠭᠠᠲᠤ ᠦᠨᠳᠦᠰᠦᠲᠡᠨ ᠤ ᠭᠠᠴᠠᠭ᠎ᠠ ᠲᠤᠰᠬᠤᠨ ᠤ ᠪᠠᠶᠢᠴᠠᠭᠠᠯᠲᠠ— ᠮᠤᠩᠭᠤᠯ ᠦᠨᠳᠦᠰᠦᠲᠡᠨ》᠂᠂ᠶᠦᠨᠨᠠᠨ ᠶᠡᠭᠡ ᠰᠤᠷᠭᠠᠭᠤᠯᠢ ᠶᠢᠨ ᠬᠡᠪᠯᠡᠯ ᠤᠨ ᠬᠤᠷᠢᠶ᠎ᠠ᠂ 2004 ᠤᠨ︔

(3) 2004.1—2005.8 ᠰᠠᠷ᠎ᠠ ᠳᠤ᠂ ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠭᠤᠤᠯᠳᠠᠯᠭᠠᠳᠤ ᠰᠤᠶᠤᠯ ᠤᠨ ᠪᠦᠳᠦᠬᠡᠨ ᠪᠠᠶᠢᠭᠤᠯᠤᠯᠳᠠ ᠶᠢᠨ ᠲᠦᠰᠦᠯ᠄ 《ᠲᠠᠯ᠎ᠠ ᠨᠤᠳᠤᠭ ᠤᠨ ᠡᠷᠳᠡᠮᠳᠡᠨ — ᠬ᠋᠊᠂ ᠷᠠᠬᠠᠸ᠎ᠠ ᠶᠢᠨ ᠰᠤᠳᠤᠯᠤᠯ》 (ᠬᠡᠰᠢᠬᠦᠨ)᠂ ᠦᠪᠦᠷ ᠮᠤᠩᠭᠤᠯ ᠤᠨ ᠠᠷᠠᠳ ᠤᠨ ᠬᠡᠪᠯᠡᠯ ᠤᠨ ᠬᠤᠷᠢᠶ᠎ᠠ᠂ 2008 ᠤᠨ︔

(4) 2004.5~2006.4 ᠰᠠᠷ᠎ᠠ ᠳᠤ᠂ ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ 《211》 ᠢᠨᠵᠧᠨᠧᠷᠢᠩ ᠤᠨ ᠪᠠᠭᠰᠢ ᠶᠢᠨ ᠪᠦᠯᠬᠦᠮ ᠤᠨ ᠪᠦᠳᠦᠬᠡᠨ ᠪᠠᠶᠢᠭᠤᠯᠤᠯᠳᠠ ᠶᠢᠨ ᠲᠦᠰᠦᠯ᠄ 《ᠬᠤᠷᠢᠳᠤᠭᠠᠷ ᠵᠠᠭᠤᠨ ᠤ ᠡᠮᠦᠨ᠎ᠡ ᠬᠠᠭᠠᠰ ᠦᠶ᠎ᠡ ᠶᠢᠨ ᠮᠤᠩᠭᠤᠯ ᠤᠷᠠᠨ ᠵᠤᠬᠢᠶᠠᠯ ᠤᠨ ᠰᠢᠨᠵᠢᠯᠡᠭᠡ》 ᠶᠢ ᠭᠤᠤᠯᠯᠠᠨ ᠪᠡᠶᠡᠯᠡᠬᠦᠯᠵᠡᠢ︔

(5) ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠬᠦᠨ ᠤᠬᠠᠭᠠᠨ ᠨᠡᠶᠢᠬᠡᠮ ᠤᠨ ᠰᠢᠨᠵᠢᠯᠡᠬᠦ ᠤᠬᠠᠭᠠᠨ ᠤ ᠲᠦᠯᠦᠪᠵᠢᠭᠦᠯᠭᠡ ᠶᠢᠨ ᠲᠦᠰᠦᠯ᠄ 《ᠮᠤᠩᠭᠤᠯ ᠦᠨᠳᠦᠰᠦᠳᠡᠨ ᠤ ᠡᠷᠳᠡᠨ ᠤ ᠬᠢᠳᠡᠳ ᠬᠡᠯᠡᠨ ᠤ ᠰᠤᠷᠪᠤᠯᠵᠢ ᠪᠢᠴᠢᠭ ᠤᠨ ᠰᠤᠳᠤᠯᠤᠯ》 (ᠭᠤᠤᠯᠯᠠᠭᠴᠢ ᠬᠡᠰᠢᠬᠦᠨ᠂ 2008 ᠤᠨ)︔

(6) ᠤᠯᠤᠰ ᠤᠨ ᠨᠡᠶᠢᠬᠡᠮ ᠤᠨ ᠰᠢᠨᠵᠢᠯᠡᠬᠦ ᠤᠬᠠᠭᠠᠨ ᠤ ᠤᠨᠴᠠ ᠨᠠᠶᠢᠳᠠᠯᠭ᠎ᠠ ᠲᠠᠢ ᠲᠦᠰᠦᠯ᠄ 《ᠲᠠᠯ᠎ᠠ ᠨᠤᠳᠤᠭ ᠤᠨ ᠰᠤᠶᠤᠯ ᠤᠨ ᠲᠠᠷᠬᠠᠯᠲᠠ ᠶᠢᠨ ᠤᠷᠤᠨ ᠪᠦᠰᠡ ᠶᠢᠨ ᠰᠤᠳᠤᠯᠤᠯ》 (ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠪᠠᠶᠢᠭᠤᠯᠤᠭᠳᠠᠭᠰᠠᠨ 60 ᠵᠢᠯ ᠤᠨ ᠤᠢ ᠶᠢᠨ ᠬᠠᠨᠲᠢᠪ ᠲᠦᠰᠦᠯ᠂ ᠭᠤᠤᠯ ᠭᠡᠰᠢᠭᠦᠨ)︔

(7) ᠤᠯᠤᠰ ᠤᠨ ᠨᠡᠶᠢᠬᠡᠮ ᠤᠨ ᠰᠢᠨᠵᠢᠯᠡᠬᠦ ᠤᠬᠠᠭᠠᠨ ᠤ ᠰᠠᠩ ᠤᠨ ᠲᠦᠰᠦᠯ᠄ 《ᠡᠸᠡᠩᠭᠢ ᠦᠨᠳᠦᠰᠦᠳᠡᠨ ᠤ ᠤᠳᠤᠬᠢ ᠨᠡᠬᠦᠳᠡᠯ ᠮᠠᠯᠵᠢᠯ ᠤᠨ ᠨᠡᠶᠢᠬᠡᠮ ᠰᠤᠶᠤᠯ ᠤᠨ ᠬᠤᠪᠢᠷᠠᠯᠲᠠ ᠶᠢᠨ ᠰᠤᠳᠤᠯᠤᠯ》 (ᠭᠤᠤᠯ ᠭᠡᠰᠢᠭᠦᠨ)︔

(8) ᠵᠢᠢ ᠱᠸᠤ ᠶᠡᠭᠡ ᠰᠤᠷᠭᠠᠭᠤᠯᠢ ᠶᠢᠨ ᠹᠦᠷᠳ᠋ ᠰᠠᠩ ᠤᠨ ᠤᠷᠴᠢᠨ ᠲᠤᠭᠤᠷᠢᠨ ᠪᠠ ᠬᠦᠭᠵᠢᠯᠲᠡ ᠶᠢᠨ ᠲᠦᠰᠦᠯ᠄ 《ᠳᠤᠮᠳᠠᠳᠤ ᠤᠯᠤᠰ ᠤᠨ ᠪᠠᠷᠠᠭᠤᠨ ᠤᠷᠤᠨ ᠤ ᠡᠯ᠎ᠡ ᠤᠭᠰᠠᠭᠠᠲᠠᠨ ᠤ ᠨᠤᠲᠤᠭ ᠤᠨ ᠮᠡᠳᠡᠯᠭᠡ ᠶᠢᠨ ᠠᠭᠤᠳᠠᠯᠠᠯ》 (RLER) ᠤᠨᠰᠠᠯᠪᠤᠷᠢ ᠲᠦᠰᠦᠯ ᠢ ᠳᠠᠭᠠᠭᠠᠴᠢᠯᠠᠭᠴᠢ︔

(9) ᠶᠠᠫᠤᠨ ᠤ ᠬᠤᠤᠰᠸᠢ ᠶᠡᠭᠡ ᠰᠤᠷᠭᠠᠭᠤᠯᠢ ᠶᠢᠨ ᠤᠯᠠᠨ ᠤᠯᠤᠰ ᠤᠨ ᠲᠦᠰᠦᠯ᠄ 《ᠳᠡᠯᠡᠬᠡᠢ ᠶᠢᠨ ᠤᠷᠴᠢᠨ ᠲᠤᠭᠤᠷᠢᠨ ᠤ ᠤᠨ ᠤ ᠬᠦᠰᠦᠨᠦᠭ)(World Environmental Chronology) ᠤᠨ ᠭᠡᠰᠢᠭᠦᠨ︔

(10) ᠰᠤᠷᠭᠠᠨ ᠬᠦᠮᠦᠵᠢᠯ ᠤᠨ ᠶᠠᠮᠤᠨ ᠤ ᠨᠡᠶᠢᠭᠡᠮ ᠤᠨ ᠰᠢᠨᠵᠢᠯᠡᠬᠦ ᠤᠬᠠᠭᠠᠨ ᠤ ᠲᠦᠯᠦᠪᠵᠢᠭᠦᠯᠭᠡ ᠶᠢᠨ ᠰᠠᠩ ᠤᠨ ᠲᠦᠰᠦᠯ᠄ 《ᠡᠬᠢ ᠪᠠᠶᠠᠯᠢᠭ ᠢ ᠠᠷᠪᠢᠯᠠᠬᠤ ᠬᠡᠯᠪᠡᠷᠢ ᠶᠢᠨ ᠨᠡᠶᠢᠭᠡᠮ ᠶᠢ ᠪᠠᠶᠢᠭᠤᠯᠬᠤ ᠪᠤᠯᠤᠨ ᠮᠤᠩᠭᠤᠯ ᠦᠨᠳᠦᠰᠦᠲᠡᠨ ᠤ ᠨᠡᠭᠦᠳᠡᠯ ᠮᠠᠯᠵᠢᠯ ᠤᠨ ᠠᠮᠢ ᠠᠬᠤᠢ ᠶᠢᠨ ᠮᠡᠳᠡᠯᠭᠡ ᠶᠢᠨ ᠤᠯᠠᠮᠵᠢᠯᠠᠯ ᠤᠨ ᠬᠠᠮᠠᠭᠠᠯᠠᠯᠲᠠ》 ᠶᠢᠨ ᠭᠤᠤᠯᠯᠠᠨ ᠪᠡᠶᠡᠯᠡᠭᠦᠯᠦᠭᠴᠢ︔

(11) ᠦᠪᠦᠷ ᠮᠤᠩᠭᠤᠯ ᠤᠨ ᠦᠨᠳᠦᠰᠦᠲᠡᠨ ᠤ ᠰᠤᠶᠤᠯ ᠤᠨ ᠪᠦᠲᠦᠭᠡᠨ ᠪᠠᠶᠢᠭᠤᠯᠤᠯᠲᠠ ᠶᠢᠨ ᠰᠤᠳᠤᠯᠭᠠᠨ ᠤ ᠢᠨᠵᠧᠨᠧᠷᠢᠩ— ᠦᠪᠡᠷᠲᠡᠭᠡᠨ ᠵᠠᠰᠠᠬᠤ ᠤᠷᠤᠨ ᠤ ᠨᠡᠶᠢᠭᠡᠮ ᠤᠨ ᠰᠢᠨᠵᠢᠯᠡᠭᠦ ᠤᠬᠠᠭᠠᠨ ᠤ ᠲᠦᠯᠦᠪᠵᠢᠭᠦᠯᠭᠡ ᠶᠢᠨ ᠤᠨᠴᠠᠭᠠᠢ ᠲᠦᠰᠦᠯ᠄ 《ᠰᠢᠨ᠎ᠡ ᠪᠠᠷᠭᠤ ᠵᠡᠭᠦᠨ ᠬᠤᠰᠢᠭᠤᠨ ᠤ ᠦᠪᠦᠷᠪᠤᠯᠠᠭ ᠰᠤᠮᠤᠨ ᠤ ᠮᠤᠩᠭᠤᠯᠴᠤᠳ ᠤᠨ ᠠᠮᠢ ᠠᠬᠤᠢ ᠶᠢᠨ ᠮᠡᠳᠡᠯᠭᠡ ᠶᠢᠨ ᠤᠯᠠᠮᠵᠢᠯᠠᠯ ᠤᠨ ᠤᠳᠤᠬᠢ ᠪᠠᠶᠢᠳᠠᠯ ᠪᠠ ᠬᠤᠪᠢᠷᠠᠯᠲᠠ ᠶᠢᠨ ᠪᠠᠶᠢᠴᠠᠭᠠᠯᠲᠠ》 ᠶᠢᠨ ᠭᠤᠤᠯᠯᠠᠨ ᠪᠡᠶᠡᠯᠡᠭᠦᠯᠦᠭᠴᠢ︔

(12) ᠦᠪᠦᠷ ᠮᠤᠩᠭᠤᠯ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠰᠠᠩ ᠤᠨ ᠡᠩ ᠤᠨ ᠲᠦᠰᠦᠯ᠄ 《ᠮᠤᠩᠭᠤᠯ ᠦᠨᠳᠦᠰᠦᠲᠡᠨ ᠤ ᠤᠯᠠᠮᠵᠢᠯᠠᠯᠲᠤ ᠠᠮᠢ ᠠᠬᠤᠢ ᠶᠢᠨ ᠮᠡᠳᠡᠯᠭᠡ ᠤᠨ ᠤᠯᠠᠮᠵᠢᠯᠠᠨ ᠬᠠᠮᠠᠭᠠᠯᠠᠵᠤ ᠪᠠᠶᠢᠭ᠎ᠠ ᠪᠠᠶᠢᠳᠠᠯ ᠤᠨ ᠪᠠᠶᠢᠴᠠᠭᠠᠯᠲᠠ— ᠰᠢᠯᠤᠭᠤᠨ ᠬᠦᠬᠡ ᠬᠤᠰᠢᠭᠤ᠂ ᠳᠦᠷᠪᠡᠳ ᠬᠤᠰᠢᠭᠤ ᠪᠠᠷ ᠵᠢᠱᠢᠶᠡᠯᠡᠬᠦ ᠨᠢ》 ᠵᠢᠨ‌ᠭᠤᠤᠯᠯᠠᠨ ᠪᠡᠶᠡᠯᠡᠭᠦᠯᠦᠭᠴᠢ︔

7 ᠲᠤᠰᠬᠠᠢ ᠪᠦᠲᠦᠭᠡᠯ

(1) 《ᠮᠠᠩᠬᠠᠨ ᠤᠷᠴᠢᠨ ᠪᠠ ᠨᠡᠭᠦᠳᠡᠯ ᠠᠮᠢ ᠠᠬᠤᠢ ᠶᠢᠨ ᠮᠡᠳᠡᠯᠭᠡ》᠂ ᠮᠡᠳᠡᠯᠭᠡ ᠶᠢᠨ ᠡᠷᠭᠡ ᠬᠡᠪᠯᠡᠯ ᠤᠨ ᠬᠤᠷᠢᠶ᠎ᠠ᠂ 2013 ᠤᠨ ᠤ 5 ᠰᠠᠷ᠎ᠠ︔

(2) 《ᠮᠤᠩᠭᠤᠯ ᠵᠤᠬᠢᠶᠠᠯ ᠤᠨ ᠤᠨᠤᠯ ᠤᠨ ᠴᠤᠭᠴᠠᠯᠠᠯᠲᠠ (1990 —1949)》᠂ ᠯᠢᠶᠤᠤᠨᠢᠩ ᠤᠨ ᠦᠨᠳᠦᠰᠦᠳᠡᠨ ᠤ ᠬᠡᠪᠯᠡᠯ ᠤᠨ ᠬᠤᠷᠢᠶ᠎ᠠ᠂ 2012 ᠤᠨ ᠤ 6 ᠰᠠᠷ᠎ᠠ︔

(3) 《ᠮᠤᠩᠭᠤᠯ ᠭᠡᠷ ᠤᠨ ᠢᠷᠦᠭᠡᠯ ᠤᠨ ᠰᠤᠶᠤᠯ ᠰᠤᠳᠤᠯᠤᠯ》᠂ ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠬᠡᠪᠯᠡᠯ ᠤᠨ ᠬᠤᠷᠢᠶ᠎ᠠ᠂ 2007 ᠤᠨ ᠤ 10 ᠰᠠᠷ᠎ᠠ︔

(4) 《ᠤᠶᠤᠯᠢᠭ ᠲᠤᠩᠭᠠᠯᠲᠠ᠂ ᠤᠷᠠᠯᠢᠭ ᠬᠠᠶᠢᠯᠲᠠ》᠂ ᠠᠯᠤᠰ ᠤᠨ ᠪᠠᠷ᠎ᠠ ᠬᠡᠪᠯᠡᠯ ᠤᠨ ᠬᠤᠷᠢᠶ᠎ᠠ᠂ 2010 ᠤᠨ ᠤ 2 ᠰᠠᠷ᠎ᠠ︔

8 ᠬᠠᠮᠲᠤᠷᠠᠭᠰᠠᠨ ᠪᠦᠳᠦᠬᠡᠯ

(1) 《ᠮᠤᠩᠭᠤᠯ ᠦᠨᠳᠦᠰᠦᠲᠡᠨ— ᠦᠪᠦᠷ ᠮᠤᠩᠭᠤᠯ ᠤᠨ ᠰᠢᠯᠤᠭᠤᠨ ᠬᠦᠬᠡ ᠬᠤᠰᠢᠭᠤᠨ ᠤ ᠪᠠᠶᠠᠨᠬᠤᠰᠢᠭᠤ ᠭᠠᠴᠠᠭᠠᠨ ᠤ ᠪᠠᠶᠢᠴᠠᠭᠠᠯᠲᠠ》 (ᠬᠠᠮᠳᠤᠷᠠᠨ ᠨᠡᠶᠢᠷᠠᠭᠤᠯᠪᠠ)᠂ ᠶᠦᠨᠨᠠᠨ ᠶᠡᠭᠡ ᠰᠤᠷᠭᠠᠭᠤᠯᠢ ᠶᠢᠨ ᠬᠡᠪᠯᠡᠯ ᠤᠨ ᠬᠤᠷᠢᠶ᠎ᠠ᠂ 2004 ᠤᠨ︔

(2) 《ᠲᠠᠯ᠎ᠠ ᠨᠤᠳᠤᠭ ᠤᠨ ᠡᠷᠳᠡᠮᠳᠡᠨ — ᠭᠤ᠂ ᠷᠠᠬᠠᠸ᠎ᠠ ᠶᠢᠨ ᠰᠤᠳᠤᠯᠤᠯ》 (ᠬᠠᠮᠳᠤᠷᠠᠨ ᠨᠠᠶᠢᠷᠠᠭᠤᠯᠪᠠ)᠂ ᠦᠪᠦᠷ ᠮᠤᠩᠭᠤᠯ ᠤᠨ ᠠᠷᠠᠳ ᠤᠨ ᠬᠡᠪᠯᠡᠯ ᠤᠨ ᠬᠤᠷᠢᠶ᠎ᠠ᠂ 2005 ᠤᠨ︔

(3) 《ᠪᠠᠭ᠎ᠠ ᠰᠤᠷᠤᠭᠴᠢᠳ ᠤᠨ ᠪᠦᠯᠬᠦᠮᠳᠡᠨ ᠳᠠᠪᠰᠢᠬᠤᠢ ᠶᠢᠨ ᠦᠯᠢᠭᠡᠷ》 (ᠬᠠᠮᠳᠤᠷᠠᠨ ᠨᠠᠶᠢᠷᠠᠭᠤᠯᠪᠠ)᠂ ᠦᠪᠦᠷ ᠮᠤᠩᠭᠤᠯ ᠤᠨ ᠠᠷᠠᠳ ᠤᠨ ᠬᠡᠪᠯᠡᠯ ᠤᠨ ᠬᠤᠷᠢᠶ᠎ᠠ᠂ 2000 ᠤᠨ︔

(4) 《ᠲᠠᠯ᠎ᠠ ᠨᠤᠳᠤᠭ ᠤᠨ ᠰᠤᠶᠤᠯ ᠤᠨ ᠤᠷᠤᠨ ᠪᠦᠰᠡ ᠶᠢᠨ ᠰᠤᠳᠤᠯᠤᠯ》 (ᠬᠠᠮᠳᠤᠷᠠᠨ ᠨᠠᠶᠢᠷᠠᠭᠤᠯᠪᠠ)᠂ ᠦᠪᠦᠷ ᠮᠤᠩᠭᠤᠯ ᠤᠨ ᠰᠤᠷᠭᠠᠨ ᠬᠦᠮᠦᠵᠢᠯ ᠤᠨ ᠬᠡᠪᠯᠡᠯ ᠤᠨ ᠬᠤᠷᠢᠶ᠎ᠠ᠂ 2005 ᠤᠨ︔

(5) 《ᠪᠢᠯᠢᠭ ᠤᠨ ᠲᠦᠯᠦ》 (ᠬᠠᠮᠳᠤᠷᠠᠨ ᠨᠠᠶᠢᠷᠠᠭᠤᠯᠪᠠ)᠂ ᠦᠪᠦᠷ ᠮᠤᠩᠭᠤᠯ ᠤᠨ ᠰᠤᠶᠤᠯ ᠤᠨ ᠬᠡᠪᠯᠡᠯ ᠤᠨ ᠬᠤᠷᠢᠶ᠎ᠠ᠂ 2014 ᠤᠨ︔

9 ᠡᠷᠳᠡᠮ ᠰᠢᠨᠵᠢᠯᠡᠭᠡᠨ ᠤ ᠦᠬᠦᠯᠡᠯ

(1) 《ᠭᠤᠪᠢ ᠶᠢᠨ ᠠᠮᠢ ᠠᠬᠤᠢ ᠶᠢᠨ ᠮᠡᠳᠡᠯᠭᠡ ᠪᠠ ᠮᠤᠩᠭᠤᠯᠴᠤᠳ ᠤᠨ ᠨᠤᠲᠤᠭᠴᠢ ᠤᠬᠠᠮᠰᠠᠷ》᠂ 《ᠦᠪᠦᠷ ᠮᠤᠩᠭᠤᠯ ᠤᠨ ᠨᠡᠶᠢᠬᠡᠮ ᠤᠨ ᠰᠢᠨᠵᠢᠯᠡᠬᠦ ᠤᠬᠠᠭᠠᠨ》᠂ 2014 ᠤᠨ ᠤ 2 ᠳ᠋ᠤᠭᠠᠷ ᠬᠤᠭᠤᠴᠠᠭ᠎ᠠ︔

(2) 《ᠤᠷᠴᠢᠨ ᠦᠶ᠎ᠡ ᠶᠢᠨ ᠰᠡᠩᠬᠡᠷᠡᠭᠦᠯᠦᠭᠴᠢ ᠰᠠᠶᠢᠴᠤᠩᠭ᠎ᠠ ᠶᠢᠨ ᠨᠡᠶᠢᠭᠡᠮ ᠤᠨ ᠠᠰᠠᠭᠤᠳᠠᠯ ᠤᠨ ᠤᠨᠤᠯ ᠤᠨ ᠲᠠᠶᠢᠯᠪᠤᠷᠢᠯᠠᠯ》᠂ 《ᠲᠤᠮᠳᠠᠳᠤ ᠤᠯᠤᠰ ᠤᠨ ᠮᠤᠩᠭᠤᠯ ᠰᠤᠳᠤᠯᠤᠯ》᠂ 2014 ᠤᠨ ᠤ 2 ᠳ᠋ᠤᠭᠠᠷ ᠬᠤᠭᠤᠴᠠᠭ᠎ᠠ︔

(3) 《ᠤᠯᠠᠮᠵᠢᠯᠯᠠᠲᠤ ᠤᠷᠴᠢᠨ ᠬᠠᠮᠠᠭᠠᠯᠠᠬᠤ ᠰᠤᠶᠤᠯ ᠪᠠ ᠮᠠᠯᠵᠢᠬᠤ ᠤᠷᠤᠨ ᠤ ᠡᠶ᠎ᠡ ᠵᠤᠬᠢᠴᠠᠯᠲᠤ ᠭᠦᠭᠵᠢᠯᠲᠡ— ᠰᠢᠨ᠎ᠡ ᠪᠠᠷᠭᠤ ᠵᠡᠭᠦᠨ ᠬᠤᠰᠢᠭᠤᠨ ᠤ ᠪᠠᠶᠠᠨᠭᠦ᠋ᠩ ᠭᠠᠴᠠᠭᠠᠨ ᠤ ᠤᠰᠤᠨ ᠤ ᠰᠤᠶᠤᠯ ᠢᠶᠠᠷ ᠵᠢᠱᠢᠶᠡᠯᠡᠬᠦ ᠨᠢ》᠂ 《ᠶᠦᠨᠨᠠᠨ ᠤ ᠪᠠᠭᠰᠢ ᠶᠢᠨ ᠶᠡᠭᠡ ᠰᠤᠷᠭᠠᠭᠤᠯᠢ ᠶᠢᠨ ᠡᠷᠳᠡᠮ ᠰᠢᠨᠵᠢᠯᠡᠬᠡᠨ ᠤ ᠰᠡᠳᠭᠦᠯ》 (ᠬᠢᠲᠠᠳ ᠬᠡᠯᠡ)᠂ 2011 ᠤᠨ ᠤ 1 ᠳ᠋ᠤᠭᠡᠷ ᠬᠤᠭᠤᠴᠠᠭ᠎ᠠ︔

(4) 《ᠶᠠᠫᠤᠨ ᠤ ᠤᠷᠴᠢᠨ ᠲᠤᠭᠤᠷᠢᠨ ᠤ ᠨᠡᠶᠢᠭᠡᠮ ᠵᠦᠢ ᠶᠢᠨ ᠤᠨᠤᠯ ᠦᠢᠯᠡᠳᠦᠯᠭᠡ》᠂ 《ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠡᠷᠳᠡᠮ ᠰᠢᠨᠵᠢᠯᠡᠬᠡᠨ ᠤ ᠰᠡᠳᠭᠦᠯ》᠂ 2012 ᠤᠨ ᠤ 2 ᠳ᠋ᠤᠭᠠᠷ ᠬᠤᠭᠤᠴᠠᠭ᠎ᠠ︔

(5) 《ᠦᠪᠦᠷ ᠮᠤᠩᠭᠤᠯ ᠤᠨ ᠨᠤᠲᠤᠭ ᠪᠡᠯᠴᠢᠭᠡᠷ ᠤᠨ ᠲᠠᠴᠢᠷᠳᠠᠯ ᠤᠨ ᠨᠡᠶᠢᠭᠡᠮ ᠤᠨ ᠰᠤᠷᠪᠤᠯᠵᠢ》᠂ ᠶᠠᠫᠥᠨ ᠤ ᠸᠠᠰᠧᠳᠠ ᠶᠡᠭᠡ ᠰᠤᠷᠭᠠᠭᠤᠯᠢ ᠶᠢᠨ 《ᠰᠤᠶᠤᠯ ᠬᠦᠮᠦᠨ ᠵᠦᠢ ᠶᠢᠨ ᠰᠤᠳᠤᠯᠤᠯ》 ( ᠶᠠᠫᠤᠨ ᠬᠡᠯᠡ)᠂ 2010 ᠤᠨ ᠤ 2 ᠳ᠋ᠤᠭᠠᠷ ᠪᠤᠳᠢ᠃

(6) 《ᠦᠨᠳᠦᠰᠦᠲᠡᠨ ᠤ ᠤᠷᠴᠢᠨ ᠲᠤᠭᠤᠷᠢᠨ ᠤ ᠮᠡᠳᠡᠯᠭᠡ ᠶᠢᠨ ᠤᠯᠠᠨ ᠶᠠᠩᠵᠤᠲᠤ ᠬᠠᠮᠠᠭᠠᠯᠠᠯᠲᠠ ᠶᠢᠨ ᠠᠴᠢ ᠬᠤᠯᠪᠤᠭᠳᠠᠯ》᠂ 《ᠨᠤᠭᠤᠭᠠᠨ ᠨᠠᠪᠴᠢ》 (ᠬᠢᠲᠠᠳ ᠬᠡᠯᠡ)᠂ 2012 ᠤᠨ ᠤ 10 ᠳ᠋ᠤᠭᠠᠷ ᠬᠤᠭᠤᠴᠠᠭ᠎ᠠ︔

(7) 《ᠲᠠᠯ᠎ᠠ ᠶᠢᠨ ᠵᠤᠭᠠᠴᠠᠯ ᠪᠠ ᠤᠷᠴᠢᠨ ᠲᠤᠭᠤᠷᠢᠨ ᠤ ᠠᠰᠠᠭᠤᠳᠠᠯ》᠂ 《ᠦᠪᠦᠷ ᠮᠤᠩᠭᠤᠯ ᠤᠨ ᠦᠨᠳᠦᠰᠦᠳᠡᠨ ᠤ ᠶᠡᠭᠡ ᠰᠤᠷᠭᠠᠭᠤᠯᠢ ᠶᠢᠨ ᠡᠷᠳᠡᠮ ᠰᠢᠨᠵᠢᠯᠡᠬᠡᠨ ᠤ ᠰᠡᠳᠭᠦᠯ》᠂ 2012 ᠤᠨ ᠤ 6 ᠳ᠋ᠤᠭᠠᠷ ᠬᠤᠭᠤᠴᠠᠭ᠎ᠠ︔

(8) 《ᠤᠶᠢᠯᠭᠠᠭᠲᠠᠬᠤᠨ ᠤ ᠰᠤᠶᠤᠯ ᠤᠨ ᠬᠤᠪᠢᠷᠠᠯᠲᠠ ᠪᠠ ᠤᠷᠴᠢᠨ ᠲᠤᠭᠤᠷᠢᠨ ᠤ ᠤᠬᠠᠮᠰᠠᠷ ᠤᠨ ᠴᠤᠭᠴᠠᠯᠠᠯᠲᠠ》᠂ 《ᠤᠤᠯ ᠠᠮᠢ ᠠᠬᠤᠢ ᠤᠭᠰᠠᠭᠠᠲᠠᠨ ᠰᠤᠶᠤᠯ ᠰᠤᠳᠤᠯᠤᠯ》 (ᠬᠢᠲᠠᠳ ᠬᠡᠯᠡ)᠂ 2009 ᠤᠨ ᠤ 2 ᠳ᠋ᠤᠭᠠᠷ ᠬᠤᠭᠤᠴᠠᠭ᠎ᠠ︔

(9) 《ᠮᠤᠩᠭᠤᠯ ᠭᠡᠷ ᠤᠨ ᠢᠷᠦᠭᠡᠯ ᠤᠨ ᠤᠷᠤᠨ ᠵᠠᠢ ᠶᠢᠨ ᠬᠤᠪᠢᠷᠠᠯᠲᠠ》᠂ 《ᠦᠪᠦᠷ ᠮᠤᠩᠭᠤᠯ ᠤᠨ ᠨᠡᠶᠢᠬᠡᠮ ᠤᠨ ᠰᠢᠨᠵᠢᠯᠡᠬᠦ ᠤᠬᠠᠭᠠᠨ》᠂ 2009 ᠤᠨ ᠤ 1 ᠳ᠋ᠤᠭᠡᠷ ᠬᠤᠭᠤᠴᠠᠭ᠎ᠠ︔

10 ᠬᠡᠬᠡᠷ᠎ᠡ ᠶᠢᠨ ᠪᠠᠶᠢᠴᠠᠭᠠᠯᠲᠠ ᠶᠢᠨ ᠦᠩᠬᠡᠷᠡᠯᠳᠡ

2013 ᠤᠨ ᠤ 10 ᠰᠠᠷ᠎ᠠ ᠶᠢᠨ ᠰᠡᠭᠦᠯᠴᠢ ᠪᠠᠷ᠂ ᠪᠤᠭᠤᠳᠤ ᠶᠢᠨ ᠪᠠᠶᠠᠨ᠋ᠤ᠋ᠪᠤᠭ᠎ᠠ ᠬᠤᠪᠤᠷ ᠰᠢᠷᠤᠢ ᠶᠢᠨ ᠠᠭᠤᠷᠬᠠᠢ ᠶᠢᠨ ᠤᠷᠴᠢᠮ ᠢᠶᠠᠷ ᠤᠷᠴᠢᠨ ᠲᠤᠭᠤᠷᠢᠨ ᠤ ᠬᠤᠪᠢᠷᠡᠯᠳᠡ ᠶᠢᠨ ᠲᠤᠬᠠᠢ ᠰᠢᠨᠵᠢᠯᠡᠭᠡ ᠬᠢᠵᠡᠢ᠃

2013 ᠤᠨ ᠤ 8 ᠰᠠᠷ᠎ᠠ ᠶᠢᠨ ᠰᠡᠭᠦᠯᠴᠢ ᠠᠴᠠ 9 ᠰᠠᠷ᠎ᠠ ᠶᠢᠨ ᠡᠬᠢᠨ ᠬᠦᠷᠳᠡᠯ᠎ᠡ᠂ ᠤᠯᠠᠭᠠᠨᠴᠠᠪ ᠬᠤᠳᠠ ᠶᠢᠨ ᠲᠦᠷᠪᠡᠳ ᠬᠤᠰᠢᠭᠤ ᠪᠠ ᠴᠠᠬᠠᠷ ᠪᠠᠷᠠᠭᠤᠨ ᠭᠠᠷᠤᠨ ᠲᠤᠮᠳᠠᠳᠤ ᠬᠤᠰᠢᠭᠤ᠂ ᠵᠢᠨᠢᠩ ᠬᠤᠳᠠ ᠶᠢᠨ ᠦᠢᠯᠡᠳᠪᠦᠷᠢ ᠠᠭᠤᠷᠬᠠᠢ ᠬᠢᠬᠡᠳ ᠠᠷᠠᠳ ᠤᠨ ᠤᠷᠴᠢᠨ ᠲᠤᠭᠤᠷᠢᠨ ᠤ ᠮᠡᠳᠡᠯᠭᠡ  ᠶᠢᠨ ᠲᠤᠬᠠᠢ ᠪᠠᠶᠢᠴᠠᠭᠠᠯᠳᠠ ᠬᠢᠵᠡᠢ᠃

2013 ᠤᠨ ᠤ 8 ᠰᠠᠷ᠎ᠠ ᠶᠢᠨ ᠰᠡᠭᠦᠯᠴᠢ ᠪᠠᠷ ᠰᠦᠨᠢᠳ ᠵᠡᠬᠦᠨ ᠬᠤᠰᠢᠭᠤ ᠪᠤᠯᠤᠨ ᠠᠪᠠᠭ᠎ᠠ ᠬᠤᠰᠢᠭᠤᠨ ᠳᠤ ᠬᠦᠷᠴᠦ ᠡᠯᠡᠰᠦᠷᠬᠡᠭ ᠲᠠᠯ᠎ᠠ ᠭᠠᠵᠠᠷ ᠤᠨ ᠤᠷᠴᠢᠨ ᠲᠤᠭᠤᠷᠢᠨ ᠵᠢᠴᠢ ᠬᠦᠷ ᠴᠠᠭᠠᠨᠨᠠᠭᠤᠷ ᠤᠨ ᠤᠰᠤᠨ ᠤ ᠤᠷᠴᠢᠨ ᠳᠤ ᠠᠮᠢ ᠠᠬᠤᠢ ᠶᠢᠨ ᠮᠡᠳᠡᠯᠬᠡ  ᠶᠢᠨ ᠲᠤᠬᠠᠢ ᠲᠠᠢ ᠪᠠᠶᠢᠴᠠᠭᠠᠯᠳᠠ ᠬᠢᠵᠡᠢ᠃

2013 ᠤᠨ ᠤ 7 ᠰᠠᠷ᠎ᠠ ᠶᠢᠨ ᠲᠤᠮᠳᠠᠴᠢ ᠪᠠᠷ ᠤᠯᠠᠭᠠᠨᠴᠠᠪ ᠬᠤᠳᠠ ᠶᠢᠨ ᠰᠢᠷ᠎ᠡ ᠲᠠᠩᠭᠢᠰ᠂ ᠵᠢᠨᠢᠩ ᠲᠤᠭᠤᠷᠢᠭ ᠤᠨ ᠤᠷᠴᠢᠨ ᠲᠤᠭᠤᠷᠢᠨ ᠤ ᠬᠠᠮᠠᠭᠠᠯᠠᠯᠳᠠ ᠪᠤᠯᠤᠨ ᠬᠤᠯᠪᠤᠭᠳᠠᠯ ᠪᠦᠬᠦᠢ ᠠᠰᠠᠭᠤᠳᠠᠯ ᠳᠤ ᠬᠡᠬᠡᠷ᠎ᠡ ᠶᠢᠨ ᠪᠠᠶᠢᠴᠠᠭᠠᠯᠳᠠ ᠬᠢᠭᠰᠡᠨ ᠪᠠᠶᠢᠨ᠎ᠠ᠃

2013 ᠤᠨ ᠤ 8 ᠰᠠᠷ᠎ᠠ ᠶᠢᠨ ᠡᠬᠢᠨ ᠢᠶᠠᠷ᠂ ᠬᠤᠷᠴᠢᠨ ᠤ ᠡᠯᠡᠰᠦᠷᠭᠡᠭ ᠭᠠᠵᠠᠷ᠂ ᠦᠵᠦᠮᠦᠴᠢᠨ ᠤ ᠡᠯᠡᠰᠦᠷᠭᠡᠭ ᠭᠠᠵᠠᠷ᠂ ᠪᠠᠭᠠᠷᠢᠨ ᠤ ᠠᠭᠤᠯᠠᠷᠬᠠᠭ ᠭᠠᠵᠠᠷ ᠪᠤᠯᠤᠨ ᠴᠠᠬᠠᠷ ᠤᠨ ᠠᠭᠤᠯᠠᠷᠬᠠᠭ ᠤᠷᠤᠨ ᠳᠤ ᠰᠤᠶᠤᠯ ᠪᠠ ᠤᠷᠴᠢᠨ ᠲᠤᠭᠤᠷᠢᠨ ᠤ ᠪᠠᠶᠢᠴᠠᠭᠠᠯᠳᠡ ᠬᠢᠭᠰᠡᠨ ᠪᠠᠶᠢᠨ᠎ᠠ᠃

2013 ᠤᠨ ᠤ 7 ᠰᠠᠷ᠎ᠠ ᠶᠢᠨ ᠲᠤᠮᠳᠠᠴᠢ ᠠᠴᠠ ᠰᠡᠭᠦᠯᠴᠢ ᠶᠢᠨ ᠬᠤᠭᠤᠴᠠᠭᠠᠨ ᠳᠤ ᠬᠦᠬᠡ ᠨᠠᠭᠤᠷ᠂ ᠲᠡᠭᠷᠢ ᠡᠯᠡᠰᠦ᠂ ᠬᠦᠪᠴᠢ ᠶᠢᠨ ᠡᠯᠡᠰᠦ ᠪᠠ ᠤᠷᠢᠶᠠᠩᠬᠠᠢ ᠨᠠᠭᠤᠷ ᠤᠷᠴᠢᠮ ᠢᠶᠠᠷ ᠠᠮᠢ ᠠᠬᠤᠢ ᠶᠢᠨ ᠤᠷᠴᠢᠨ ᠲᠤᠭᠤᠷᠢᠨ ᠪᠤᠯᠤᠨ ᠨᠡᠶᠢᠬᠡᠮ ᠰᠤᠶᠤᠯ ᠤᠨ ᠤᠷᠴᠢᠨ ᠤ ᠲᠤᠬᠠᠢ ᠬᠡᠬᠡᠷ᠎ᠡ ᠶᠢᠨ ᠰᠢᠨᠵᠢᠯᠡᠭᠡ ᠬᠢᠵᠡᠢ᠃

2013 ᠤᠨ ᠤ 2 ᠰᠠᠷ᠎ᠠ ᠳᠤ᠂ ᠸᠠᠨᠨᠠᠨ ᠤ ᠠᠭᠤᠯᠠᠷᠬᠠᠭ ᠤᠷᠤᠨ ᠤ ᠲᠤᠰᠬᠤᠨ ᠳᠤ ᠤᠤᠭᠠᠯ ᠠᠮᠢ ᠠᠬᠤᠢ ᠶᠢᠨ ᠨᠤᠲᠤᠭ ᠤᠨ ᠮᠡᠳᠡᠯᠭᠡ ᠪᠠ ᠭᠠᠵᠠᠷ ᠤᠷᠤᠨ ᠤ ᠰᠤᠶᠤᠯ ᠤᠨ ᠬᠤᠪᠢᠷᠠᠯᠲᠠ ᠶᠢᠨ ᠨᠡᠶᠢᠭᠡᠮ ᠤᠨ ᠪᠠᠶᠢᠴᠠᠭᠠᠯᠲᠠ ᠬᠢᠵᠡᠢ᠃

2013 ᠤᠨ ᠤ 1 ᠰᠠᠷ᠎ᠠ ᠳᠤ᠂ ᠬᠤᠨᠠᠨ ᠮᠤᠵᠢ ᠶᠢᠨ ᠪᠠᠷᠠᠭᠤᠨ ᠬᠡᠰᠡᠭ᠂ ᠬᠦᠢᠵᠸᠦ ᠮᠤᠵᠢ ᠶᠢᠨ ᠬᠤᠶᠢᠳᠤ ᠬᠡᠰᠡᠭ ᠲᠠᠬᠢ ᠺᠠᠷᠰᠲ ᠭᠠᠵᠠᠷ ᠤᠨ ᠭᠠᠳᠠᠷᠭᠤ᠂ ᠴᠢᠯᠠᠭᠤᠵᠢᠮᠠᠯ ᠤᠨ ᠠᠰᠠᠭᠤᠳᠠᠯ ᠪᠤᠯᠤᠨ ᠬᠤᠨᠠᠨ ᠬᠦᠢᠵᠸᠦ ᠤᠷᠤᠨ ᠤ ᠦᠨᠳᠦᠰᠦᠳᠡᠨ ᠤ ᠰᠤᠶᠤᠯ ᠵᠠᠩᠰᠢᠯ ᠤᠨ ᠲᠤᠬᠠᠢ ᠬᠡᠬᠡᠷ᠎ᠡ ᠶᠢᠨ ᠰᠢᠨᠵᠢᠯᠡᠭᠡ ᠬᠢᠭᠰᠡᠨ ᠪᠠᠶᠢᠨ᠎ᠠ᠃

2012 ᠤᠨ ᠤ 8 ᠰᠠᠷ᠎ᠠ ᠳᠤ᠂ ᠦᠪᠦᠷ ᠮᠤᠩᠭᠤᠯ ᠤᠨ ᠪᠠᠷᠠᠭᠤᠨ ᠬᠡᠰᠡᠭ ᠤᠨ ᠲᠦᠷᠪᠡᠳ ᠬᠤᠰᠢᠭᠤᠨ ᠳᠤ ᠡᠯᠡᠰᠦᠷᠬᠡᠭ ᠲᠠᠯ᠎ᠠ ᠨᠤᠳᠤᠭ ᠤᠨ ᠠᠭᠤᠷᠬᠠᠢ ᠶᠢᠨ ᠪᠤᠬᠢᠷᠳᠤᠯ ᠬᠢᠬᠡᠳ ᠤᠷᠴᠢᠨ ᠲᠤᠭᠤᠷᠢᠨ ᠤ ᠠᠰᠠᠭᠤᠳᠠᠯ ᠤᠨ ᠲᠤᠬᠠᠢ ᠨᠡᠶᠢᠬᠡᠮ ᠤᠨ ᠪᠠᠶᠢᠴᠠᠭᠠᠯᠳᠡ ᠬᠢᠭᠰᠡᠨ ᠪᠠᠶᠢᠨ᠎ᠠ᠃

2012 ᠤᠨ ᠤ 8 ᠰᠠᠷ᠎ᠠ ᠳᠤ ᠬᠦᠬᠡᠬᠤᠳᠠ ᠶᠢᠨ ᠶᠡᠭᠡ ᠡᠾᠸᠢ ᠡᠾᠧ ᠭᠤᠤᠯ᠂ ᠪᠠᠭ᠎ᠠ ᠡᠾᠸᠢ ᠡᠾᠧ ᠭᠤᠤᠯ ᠵᠢᠴᠢ ᠵᠠᠳᠠᠭᠠᠢ ᠭᠤᠤᠯ ᠤᠨ ᠤᠰᠤᠨ ᠤ ᠪᠤᠬᠢᠷᠳᠤᠯ  ᠤᠨ ᠠᠰᠠᠭᠤᠳᠠᠯ  ᠤᠨ ᠲᠤᠬᠠᠢ ᠨᠡᠶᠢᠬᠡᠮ ᠤᠨ ᠪᠠᠶᠢᠴᠠᠭᠠᠯᠳᠠ ᠬᠢᠭᠰᠡᠨ ᠪᠠᠶᠢᠨ᠎ᠠ᠃

2012 ᠤᠨ ᠤ 7 ᠰᠠᠷ᠎ᠠ ᠳᠤ᠂ ᠦᠪᠦᠷ ᠮᠤᠩᠭᠤᠯ ᠤᠨ ᠤᠯᠠᠭᠠᠨᠴᠠᠪ ᠤᠨ ᠰᠢᠷ᠎ᠠ ᠨᠠᠭᠤᠷ ᠤᠨ ᠤᠰᠤᠨ ᠤ ᠪᠤᠬᠢᠷᠳᠤᠯ ᠵᠢᠴᠢ ᠡᠯᠡᠰᠦ ᠲᠤᠭᠤᠰᠤᠨ ᠤ ᠠᠰᠠᠭᠤᠳᠠᠯ᠂ ᠬᠦᠢᠳᠡᠨ ᠰᠢᠯᠢ ᠶᠢᠨ ᠲᠠᠯ᠎ᠠ ᠨᠤᠳᠤᠭ ᠵᠢᠭᠤᠯᠴᠢᠯᠠᠯ ᠤᠨ ᠤᠷᠤᠨ ᠤ ᠨᠤᠭᠤ ᠭᠠᠵᠠᠷ ᠲᠠᠬᠢ ᠨᠦᠯᠦᠬᠡᠨ ᠳᠤ ᠤᠷᠴᠢᠨ ᠲᠤᠭᠤᠷᠢᠨ ᠤ ᠪᠠᠶᠢᠴᠠᠭᠠᠯᠳᠡ ᠬᠢᠭᠰᠡᠨ ᠪᠠᠶᠢᠨ᠎ᠠ᠃

2012 ᠤᠨ ᠤ 6 ᠰᠠᠷ᠎ᠠ ᠳᠤ᠂ ᠦᠪᠦᠷ ᠮᠤᠩᠭᠤᠯ ᠤᠨ ᠵᠡᠬᠦᠨ ᠬᠡᠰᠡᠭ ᠤᠨ ᠬᠤᠷᠴᠢᠨ ᠤ ᠡᠯᠡᠰᠦᠷᠬᠡᠭ ᠭᠠᠵᠠᠷ ᠤᠨ ᠬᠤᠶᠢᠲᠤ ᠬᠡᠰᠡᠭ ᠤᠷᠤᠨ ᠤ ᠤᠷᠤᠨ ᠰᠠᠭᠤᠴᠠ ᠶᠢᠨ ᠤᠷᠴᠢᠨ ᠤ ᠬᠤᠪᠢᠷᠡᠯᠳᠡ ᠵᠢᠴᠢ ᠬᠤᠪᠢᠷᠠᠯᠳᠡ ᠶᠢᠨ ᠠᠰᠠᠭᠤᠳᠠᠯ᠂ ᠪᠠᠭᠠᠷᠢᠨ ᠤ ᠠᠭᠤᠯᠠᠷᠬᠠᠭ ᠤᠷᠤᠨ ᠤ ᠠᠮᠢ ᠠᠬᠤᠢ ᠶᠢᠨ ᠲᠤᠬᠠᠢ ᠮᠡᠳᠡᠯᠬᠡ ᠪᠤᠯᠤᠨ ᠤᠷᠴᠢᠨ ᠲᠤᠭᠤᠷᠢᠨ ᠤ ᠤᠳᠤᠬᠢ ᠪᠠᠶᠢᠳᠠᠯ ᠤᠨ ᠲᠤᠬᠠᠢ ᠬᠡᠬᠡᠷ᠎ᠡ ᠶᠢᠨ ᠰᠢᠨᠵᠢᠯᠡᠭᠡ ᠬᠢᠵᠡᠢ᠃

2012 ᠤᠨ ᠤ 5 ᠰᠠᠷ᠎ᠠ ᠶᠢᠨ ᠲᠤᠮᠳᠠᠴᠢ ᠪᠠᠷ ᠪᠤᠭᠤᠳᠤ ᠬᠤᠳᠠ ᠶᠢᠨ ᠭᠦᠶᠠᠩ ᠰᠢᠶᠠᠨ ᠤ ᠤᠳᠠᠨ ᠵᠤᠤ ᠶᠢᠨ ᠠᠮᠢ ᠠᠬᠤᠢ ᠶᠢᠨ ᠤᠷᠴᠢᠨ ᠬᠢᠬᠡᠳ ᠱᠠᠰᠢᠨ ᠤ ᠰᠤᠶᠤᠯ ᠳᠤ ᠪᠠᠶᠢᠴᠠᠭᠠᠯᠳᠠ ᠬᠢᠭᠰᠡᠨ ᠪᠠᠶᠢᠨ᠎ᠠ᠃

2012 ᠤᠨ ᠤ 4 —6 ᠰᠠᠷ᠎ᠠ ᠶᠢᠨ ᠬᠤᠭᠤᠷᠤᠨᠳᠤ᠂ ᠤᠶᠤᠳᠠᠳ ᠢ ᠵᠢᠯᠤᠭᠤᠳᠤᠨ ᠶᠡᠭᠡ ᠪᠠᠭ᠎ᠠ ᠲᠦᠷᠭᠡᠨ ᠭᠤᠤᠯ ᠤᠨ ᠠᠮᠢ ᠠᠬᠤᠢ ᠶᠢᠨ ᠤᠷᠴᠢᠨ ᠲᠤᠭᠤᠷᠢᠨ ᠬᠢᠬᠡᠳ ᠡᠪᠳᠡᠭᠳᠡᠯ᠂ ᠤᠰᠤᠨ ᠤ ᠪᠤᠬᠢᠷᠳᠤᠯ ᠵᠡᠷᠭᠡ ᠲᠠᠯ᠎ᠠ ᠪᠠᠷ ᠪᠠᠶᠢᠴᠠᠭᠠᠯᠳᠠ ᠬᠢᠭᠰᠡᠨ ᠪᠠᠶᠢᠨ᠎ᠠ᠃

2012 ᠤᠨ ᠤ 4 ᠰᠠᠷ᠎ᠠ ᠳᠤ᠂ ᠦᠪᠦᠷ ᠮᠤᠩᠭᠤᠯ ᠤᠨ ᠨᠠᠢᠮᠡᠨ ᠶᠡᠭᠡ ᠴᠡᠩᠬᠡᠭ ᠨᠠᠭᠤᠷ ᠲᠤᠳᠤᠷᠠᠬᠢ ᠤᠰᠤᠨ ᠤ ᠡᠬᠢ ᠪᠠᠶᠠᠯᠢᠭ ᠢᠶᠠᠨ ᠬᠠᠷᠢᠴᠠᠩᠭᠤᠢ ᠬᠠᠳᠠᠭᠠᠯᠠᠵᠤ ᠪᠠᠶᠢᠭ᠎ᠠ (Daagan Nagur) ᠨᠠᠭᠤᠷ ᠲᠤ ᠬᠡᠬᠡᠷ᠎ᠡ ᠶᠢᠨ ᠰᠢᠨᠵᠢᠯᠡᠭᠡ ᠬᠢᠵᠡᠢ᠃

2012 ᠤᠨ ᠤ 2 ᠰᠠᠷ᠎ᠠ ᠳᠤ ᠦᠪᠦᠷ ᠮᠤᠩᠭᠤᠯ ᠤᠨ ᠪᠠᠷᠠᠭᠤᠨ ᠬᠡᠰᠡᠭ ᠤᠨ ᠤᠷᠢᠶᠠᠩᠬᠠᠢ ᠨᠠᠭᠤᠷ ᠤᠨ ᠵᠡᠬᠦᠨ ᠪᠠᠷᠠᠭᠤᠨ ᠬᠤᠶᠠᠷ ᠡᠷᠬᠢ ᠶᠢᠨ ᠡᠯᠡᠰᠦᠷᠬᠡᠭ ᠤᠷᠴᠢᠨ ᠪᠤᠯᠤᠨ ᠤᠰᠤᠨ ᠤ ᠤᠷᠴᠢᠨ ᠤ ᠠᠰᠠᠭᠤᠳᠠᠯ ᠳᠤ ᠨᠡᠶᠢᠬᠡᠮ ᠤᠨ ᠪᠠᠶᠢᠴᠠᠭᠠᠯᠳᠠ ᠬᠢᠭᠰᠡᠨ ᠪᠠᠶᠢᠨ᠎ᠠ᠃

2011 ᠤᠨ ᠤ 8 ᠰᠠᠷ᠎ᠠ ᠶᠢᠨ ᠲᠤᠮᠳᠠᠴᠢ ᠪᠠᠷ᠂ ᠶᠠᠫᠥᠨ ᠤ ᠡᠷᠳᠡᠮᠳᠡᠳ ᠲᠠᠢ ᠬᠠᠮᠳᠤ ᠪᠠᠷ ᠬᠤᠯᠠᠨ ᠳᠠᠭ᠎ᠠ ᠶᠢᠨ ᠡᠯᠡᠰᠦᠷᠬᠡᠭ ᠤᠷᠤᠨ ᠤ ᠰᠠᠭᠤᠷᠢᠰᠢᠯ ᠤᠨ ᠤᠷᠴᠢᠨ ᠲᠤᠭᠤᠷᠢᠨ ᠵᠢᠴᠢ ᠤᠰᠤᠨ ᠰᠤᠶᠤᠯ ᠤᠨ ᠲᠤᠬᠠᠢ ᠪᠠᠶᠢᠴᠠᠭᠠᠯᠳᠠ ᠬᠢᠭᠰᠡᠨ ᠪᠠᠶᠢᠨ᠎ᠠ᠃

2011 ᠤᠨ ᠤ 8 ᠰᠠᠷ᠎ᠠ ᠶᠢᠨ ᠲᠤᠮᠳᠠᠴᠢ ᠪᠠᠷ᠂ ᠦᠪᠦᠷ ᠮᠤᠩᠭᠤᠯ ᠤᠨ ᠵᠡᠬᠦᠨ ᠬᠡᠰᠡᠭ ᠲᠠᠬᠢ ᠬᠤᠷᠴᠢᠨ ᠤ ᠡᠯᠡᠰᠦᠷᠬᠡᠭ ᠭᠠᠵᠠᠷ ᠤᠨ ᠬᠤᠶᠢᠲᠤ ᠬᠦᠪᠡᠭᠡ ᠵᠠᠬ᠎ᠠ ᠶᠢᠨ ᠤᠷᠤᠨ ᠤ ᠲᠦᠮᠦᠰᠦᠨ ᠤ ᠲᠠᠷᠢᠨ ᠤᠷᠭᠤᠯᠤᠯᠳᠡ ᠬᠢᠬᠡᠳ ᠤᠷᠴᠢᠨ ᠲᠤᠭᠤᠷᠢᠨ ᠤ ᠠᠰᠠᠭᠤᠳᠠᠯ ᠤᠨ ᠲᠤᠬᠠᠢ ᠬᠡᠬᠡᠷ᠎ᠡ ᠶᠢᠨ ᠰᠢᠨᠵᠢᠯᠡᠬᠡᠨ ᠬᠢᠭᠰᠡᠨ ᠪᠠᠶᠢᠨ᠎ᠠ᠃

2011 ᠤᠨ ᠤ 7 ᠰᠠᠷ᠎ᠠ ᠶᠢᠨ ᠰᠡᠭᠦᠯᠴᠢ ᠳᠤ᠂ ᠠᠮᠧᠷᠢᠺᠠ ᠶᠢᠨ ᠺᠠᠯᠹᠦᠷᠨᠢᠶ᠎ᠠ ᠶᠡᠭᠡ ᠰᠤᠷᠭᠠᠭᠤᠯᠢ ᠶᠢᠨ ᠪᠠᠭᠰᠢ ᠨᠠᠷ ᠲᠠᠢ ᠬᠤᠯᠠᠨ ᠳᠠᠭ᠎ᠠ ᠶᠢᠨ ᠡᠯᠡᠰᠦᠨ ᠤ ᠤᠷᠴᠢᠮ ᠢᠶᠠᠷ ᠠᠮᠢ ᠠᠬᠤᠢ ᠶᠢᠨ ᠨᠡᠭᠦᠳᠡᠯ ᠢᠷᠭᠡᠨ᠂ ᠰᠠᠭᠤᠷᠢᠰᠢᠯ ᠤᠷᠴᠢᠨ ᠲᠤᠭᠤᠷᠢᠨ ᠪᠠ ᠨᠤᠲᠤᠭ ᠤᠨ ᠮᠡᠳᠡᠯᠭᠡ ᠶᠢᠨ ᠪᠠᠶᠢᠴᠠᠭᠠᠯᠲᠠ ᠬᠢᠵᠡᠢ᠃

2010 ᠤᠨ ᠤ 12 ᠰᠠᠷ᠎ᠠ ᠳᠤ᠂ ᠦᠪᠦᠷ ᠮᠤᠩᠭᠤᠯ ᠤᠨ ᠵᠡᠬᠦᠨ ᠬᠡᠰᠡᠭ ᠲᠠᠬᠢ ᠬᠤᠷᠴᠢᠨ ᠤ ᠡᠯᠡᠰᠦᠷᠬᠡᠭ ᠭᠠᠵᠠᠷ ᠤᠨ ᠬᠤᠶᠢᠲᠤ ᠬᠦᠪᠡᠭᠡ ᠵᠠᠬ᠎ᠠ ᠶᠢᠨ ᠤᠷᠤᠨ ᠤ ᠰᠠᠭᠤᠷᠢᠰᠢᠯ  ᠤᠨ ᠤᠷᠴᠢᠨ ᠵᠢᠴᠢ ᠤᠷᠴᠢᠨ ᠲᠤᠭᠤᠷᠢᠨ ᠤ ᠠᠰᠠᠭᠤᠳᠠᠯ ᠤᠨ ᠲᠤᠬᠠᠢ ᠬᠡᠬᠡᠷ᠎ᠡ ᠶᠢᠨ ᠰᠢᠨᠵᠢᠯᠡᠭᠡ ᠬᠢᠭᠰᠡᠨ ᠪᠠᠶᠢᠨ᠎ᠠ᠃

2010 ᠤᠨ ᠤ 9 ᠰᠠᠷ᠎ᠠ ᠳᠤ ᠶᠠᠫᠥᠨ ᠤ ᠺᠦᠮᠠᠮᠤᠲ᠋ᠤ᠋ ᠰᠢᠶᠠᠨ ᠤ ᠮᠢᠨᠠᠮᠠᠲ᠋ᠠ ᠬᠤᠳᠠ ᠳᠤ ᠤᠰᠤᠨ ᠤ ᠤᠷᠴᠢᠨ ᠤ ᠠᠰᠠᠭᠤᠳᠠᠯ ᠵᠢᠴᠢ ᠬᠤᠬᠢᠷᠠᠭᠴᠢ  ᠶᠢᠨ ᠲᠤᠮᠳᠠ ᠪᠠᠶᠢᠴᠠᠭᠠᠯᠳᠠ ᠬᠢᠭᠰᠡᠨ ᠪᠠᠶᠢᠨ᠎ᠠ᠃

2010 ᠤᠨ ᠤ 9 ᠰᠠᠷ᠎ᠠ ᠳᠤ ᠶᠠᠫᠥᠨ ᠤ ᠨᠢᠢᠭᠠᠲ᠋ᠠ ᠰᠢᠶᠠᠨ ᠳᠤ ᠬᠤᠶᠠᠳᠠᠬᠢ ᠤᠳᠠᠭ᠎ᠠ ᠮᠦᠩᠬᠦᠨ ᠤᠰᠤᠨ ᠳᠤ ᠬᠤᠤᠷᠳᠠᠭᠴᠢ ᠵᠢᠴᠢ ᠬᠤᠯᠪᠤᠭᠳᠠᠯ ᠪᠦᠬᠦᠢ ᠠᠰᠠᠭᠤᠳᠠᠯ ᠳᠤ ᠬᠡᠬᠡᠷ᠎ᠡ ᠶᠢᠨ ᠰᠢᠨᠵᠢᠯᠡᠭᠡ ᠬᠢᠭᠰᠡᠨ ᠪᠠᠶᠢᠨ᠎ᠠ᠃

2010 ᠤᠨ ᠤ 9 ᠰᠠᠷ᠎ᠠ ᠳᠤ ᠶᠠᠫᠥᠨ ᠤ ᠺᠢᠦᠰᠢᠦ᠋ ᠠᠷᠠᠯ ᠤᠨ ᠠᠰᠤ᠋ ᠠᠭᠤᠯᠠᠨ ᠳᠤ ᠪᠡᠯᠴᠢᠬᠡᠷ ᠤᠨ ᠤᠷᠴᠢᠨ ᠠᠬᠤᠢ ᠶᠢᠨ ᠲᠤᠬᠠᠢ ᠬᠡᠭᠡᠷ᠎ᠡ ᠶᠢᠨ ᠰᠢᠨᠵᠢᠯᠡᠭᠡ ᠬᠢᠵᠡᠢ᠃

2010 ᠤᠨ ᠤ 6 ᠰᠠᠷ᠎ᠠ ᠳᠤ᠂ ᠶᠠᠫᠥᠨ ᠤ ᠢᠸᠠᠲ᠋ᠧ ᠰᠢᠶᠠᠨ ᠳᠤ ᠤᠢ ᠰᠢᠭᠤᠢ ᠶᠢᠨ ᠤᠷᠴᠢᠨ ᠠᠬᠤᠢ ᠶᠢᠨ ᠲᠤᠬᠠᠢ ᠬᠡᠭᠡᠷ᠎ᠡ ᠶᠢᠨ ᠰᠢᠨᠵᠢᠯᠡᠭᠡ ᠬᠢᠵᠡᠢ᠃

2010 ᠤᠨ ᠤ 6 ᠰᠠᠷ᠎ᠠ ᠪᠤᠯᠤᠨ 12 ᠰᠠᠷ᠎ᠠ ᠳᠤ᠂ ᠦᠪᠦᠷ ᠮᠤᠩᠭᠤᠯ ᠤᠨ ᠤᠩᠨᠢᠭᠤᠳ ᠬᠤᠰᠢᠭᠤᠨ ᠤ ᠵᠡᠬᠦᠨ ᠬᠡᠰᠡᠭ ᠤᠨ ᠮᠠᠯᠵᠢᠬᠤ ᠤᠷᠤᠨ ᠳᠤ ᠡᠯᠡᠰᠦᠷᠬᠡᠭ ᠭᠠᠵᠠᠷ ᠤᠨ ᠤᠷᠴᠢᠨ ᠠᠬᠤᠢ ᠪᠠ ᠰᠠᠭᠤᠷᠢᠰᠢᠯ ᠤᠨ ᠬᠤᠪᠢᠷᠠᠯᠳᠡ ᠶᠢᠨ ᠲᠤᠬᠠᠢ ᠬᠡᠭᠡᠷ᠎ᠡ ᠶᠢᠨ ᠰᠢᠨᠵᠢᠯᠡᠭᠡ ᠬᠢᠵᠡᠢ᠃

2009 ᠤᠨ ᠤ 4 ᠰᠠᠷ᠎ᠠ ᠳᠤ᠂ ᠦᠪᠦᠷ ᠮᠤᠩᠭᠤᠯ ᠤᠨ ᠵᠡᠬᠦᠨ ᠬᠡᠰᠡᠭ ᠲᠠᠬᠢ ᠬᠤᠷᠴᠢᠨ ᠤ ᠡᠯᠡᠰᠦᠷᠬᠡᠭ ᠭᠠᠵᠠᠷ ᠬᠠᠪᠤᠷ ᠤᠨ ᠤᠯᠠᠷᠢᠯ ᠤᠨ ᠤᠷᠴᠢᠨ ᠠᠬᠤᠢ ᠶᠢᠨ ᠬᠡᠬᠡᠷ᠎ᠡ ᠶᠢᠨ ᠰᠢᠨᠵᠢᠯᠡᠭᠡ ᠬᠢᠵᠡᠢ᠃

2008 ᠤᠨ ᠤ 7 —8 ᠰᠠᠷ᠎ᠠ ᠶᠢᠨ ᠬᠤᠭᠤᠷᠤᠨᠳᠤ᠂ ᠹᠦᠷᠳ᠋ ᠰᠠᠩ ᠤᠨ ᠲᠡᠳᠬᠦᠮᠵᠢ ᠲᠤᠤᠷ᠎ᠠ ᠬᠦᠯᠦᠨ ᠪᠤᠶᠢᠷ ᠤᠨ ᠮᠠᠯᠵᠢᠬᠤ ᠤᠷᠤᠨ ᠤ ᠠᠮᠢ ᠠᠬᠤᠢ ᠶᠢᠨ ᠮᠡᠳᠡᠯᠬᠡ ᠵᠢᠴᠢ ᠮᠡᠷᠬᠡᠵᠢᠯ ᠤᠨ ᠤᠯᠠᠮᠵᠢᠯᠠᠯ ᠤᠨ ᠤᠳᠤᠬᠢ ᠪᠠᠶᠢᠳᠠᠯ ᠳᠤ ᠰᠢᠨᠵᠢᠯᠡᠭᠡ ᠬᠢᠵᠡᠢ᠃

2007 ᠤᠨ ᠤ 8 ᠰᠠᠷ᠎ᠠ ᠳᠤ᠂ ᠰᠢᠯᠢ ᠶᠢᠨ ᠭᠤᠤᠯ ᠠᠶᠢᠮᠠᠭ ᠤᠨ ᠬᠤᠯᠠᠨ ᠳᠠᠭ᠎ᠠ ᠶᠢᠨ ᠡᠯᠡᠰᠦᠷᠬᠡᠭ ᠭᠠᠵᠠᠷ ᠲᠤ ᠮᠤᠩᠭᠤᠯᠴᠤᠳ ᠤᠨ ᠰᠠᠭᠤᠷᠢᠰᠢᠯ ᠤᠨ ᠰᠤᠶᠤᠯ ᠳᠤ ᠪᠠᠶᠢᠴᠠᠭᠠᠯᠳᠠ ᠬᠢᠵᠠᠢ᠃

2006 ᠤᠨ ᠤ 7 —8 ᠰᠠᠷ᠎ᠠ ᠳᠤ᠂ ᠬᠦᠯᠦᠨ ᠪᠤᠶᠢᠷ ᠬᠤᠳᠠ ᠶᠢᠨ ᠡᠸᠠᠩᠬᠢ ᠦᠨᠳᠦᠰᠦᠲᠡᠨ ᠤ ᠦᠪᠡᠷᠳᠡᠬᠡᠨ ᠵᠠᠰᠠᠬᠤ ᠬᠤᠰᠢᠭᠤᠨ ᠤ ᠡᠸᠠᠩᠭᠢᠴᠤᠳ ᠤᠨ ᠤᠳᠤᠬᠢ ᠨᠡᠬᠦᠳᠡᠯ ᠮᠠᠯᠵᠢᠯ ᠤᠨ ᠨᠡᠶᠢᠬᠡᠮ ᠰᠤᠶᠤᠯ ᠤᠨ ᠲᠤᠬᠠᠢ ᠪᠠᠶᠢᠴᠠᠭᠠᠯᠳᠠ ᠬᠢᠵᠡᠢ᠃

2005 ᠤᠨ ᠤ 7 ᠰᠠᠷ᠎ᠠ ᠳᠤ᠂ ᠪᠠᠶᠠᠭᠠᠭᠤᠷ ᠬᠤᠳᠠ ᠶᠢᠨ ᠤᠷᠠᠳ ᠤᠨ ᠬᠤᠶᠢᠲᠤ ᠬᠤᠰᠢᠭᠤᠨ ᠳᠤ ᠬᠠᠷ᠎ᠠ ᠵᠠᠭ ᠤᠨ ᠤᠢ ᠶᠢᠨ ᠠᠮᠢ ᠠᠬᠤᠢ ᠶᠢᠨ ᠰᠤᠶᠤᠯ ᠤᠨ ᠲᠤᠬᠠᠢ ᠪᠠᠶᠢᠴᠠᠭᠠᠯᠳᠠ ᠬᠢᠵᠡᠢ᠃

2004 ᠤᠨ ᠤ 7 —8 ᠰᠠᠷ᠎ᠠ ᠳᠤ ᠬᠦᠯᠦᠨ ᠪᠤᠶᠢᠷ ᠬᠤᠳᠠ ᠶᠢᠨ ᠡᠸᠠᠩᠬᠢ ᠦᠨᠳᠦᠰᠦᠲᠡᠨ ᠤ ᠦᠪᠡᠷᠳᠡᠬᠡᠨ ᠵᠠᠰᠠᠬᠤ ᠬᠤᠰᠢᠭᠤᠨ ᠤ ᠡᠸᠠᠩᠭᠢᠴᠤᠳ ᠤᠨ ᠤᠳᠤᠬᠢ ᠨᠡᠬᠦᠳᠡᠯ ᠮᠠᠯᠵᠢᠯ ᠤᠨ ᠨᠡᠶᠢᠬᠡᠮ ᠰᠤᠶᠤᠯ ᠤᠨ ᠬᠤᠪᠢᠷᠠᠯᠲᠠ ᠶᠢᠨ ᠲᠤᠬᠠᠢ ᠪᠠᠶᠢᠴᠠᠭᠠᠯᠳᠠ ᠬᠢᠵᠡᠢ᠃

2003 ᠤᠨ ᠤ 7 —8 ᠰᠠᠷ᠎ᠠ ᠳᠤ᠂ ᠶᠦᠨᠨᠠᠨ ᠶᠡᠭᠡ ᠰᠤᠷᠭᠠᠭᠤᠯᠢ᠂ ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠰᠤᠳᠤᠯᠤᠭᠴᠢᠳ ᠲᠠᠢ ᠬᠠᠮᠳᠤ ᠪᠠᠷ ᠰᠢᠯᠢ ᠶᠢᠨ ᠭᠤᠤᠯ ᠤᠨ ᠲᠠᠯ᠎ᠠ ᠨᠤᠳᠤᠭ ᠤᠨ ᠡᠮᠦᠨ᠎ᠡ ᠪᠠᠶᠢᠷᠢᠯᠠᠭ᠎ᠠ ᠬᠤᠯᠠᠨ ᠳᠠᠭ᠎ᠠ ᠶᠢᠨ ᠡᠯᠡᠰᠦᠷᠬᠡᠭ ᠭᠠᠵᠠᠷ ᠲᠤ ᠮᠠᠯᠵᠢᠬᠤ ᠤᠷᠤᠨ ᠤ ᠨᠡᠶᠢᠬᠡᠮ ᠤᠨ ᠬᠤᠪᠢᠷᠠᠯᠲᠠ ᠪᠠ ᠵᠠᠩ ᠲᠠᠳᠬᠠᠯ ᠰᠤᠶᠤᠯ ᠤᠨ ᠲᠤᠬᠠᠢ ᠪᠠᠶᠢᠴᠠᠭᠠᠯᠳᠡ ᠬᠢᠵᠡᠢ᠃

2002 ᠤᠨ ᠤ 12 ᠰᠠᠷ᠎ᠠ ᠳᠤ᠂ ᠵᠢᠢ ᠱᠸᠤ ᠶᠡᠭᠡ ᠰᠤᠷᠭᠠᠭᠤᠯᠢ ᠶᠢᠨ ᠶᠠᠩ ᠲᠢᠩ ᠱᠦᠸᠧ ᠵᠡᠷᠭᠡ ᠡᠷᠳᠡᠮᠳᠡᠳ ᠲᠠᠢ ᠬᠠᠮᠳᠤ ᠪᠠᠷ ᠤᠯᠠᠭᠠᠨᠴᠠᠪ ᠤᠨ ᠬᠤᠶᠢᠳᠤ ᠬᠡᠰᠡᠭ ᠤᠨ ᠲᠦᠷᠪᠡᠳ ᠤᠨ ᠲᠠᠯ᠎ᠠ ᠨᠤᠳᠤᠭ ᠪᠤᠯᠤᠨ ᠤᠷᠳᠤᠰ ᠤᠨ ᠮᠤᠤᠤᠰᠤ ᠡᠯᠡᠰᠦᠷᠬᠡᠭ ᠭᠠᠵᠠᠷ ᠪᠢᠲᠡᠭᠦᠮᠵᠢᠯᠡᠨ ᠰᠢᠯᠵᠢᠭᠦᠯᠬᠦ ᠲᠦᠷᠦ ᠶᠢᠨ ᠪᠤᠳᠤᠯᠭ᠎ᠠ ᠶᠢᠨ ᠲᠤᠬᠠᠢ ᠪᠤᠳᠠᠳᠠᠢ ᠪᠠᠶᠢᠴᠠᠭᠠᠯᠳᠡ ᠬᠢᠵᠡᠢ᠃

2002 ᠤᠨ ᠤ 12 ᠰᠠᠷ᠎ᠠ ᠳᠤ᠂ ᠪᠦᠷᠢᠨᠲᠡᠭᠦᠰ ᠫᠷᠤᠹᠧᠰᠰᠤᠷ ᠲᠠᠢ ᠬᠠᠮᠳᠤ ᠪᠠᠷ ᠤᠯᠠᠭᠠᠨᠬᠠᠳᠠ ᠬᠤᠳᠠ ᠶᠢᠨ ᠪᠠᠭᠠᠷᠢᠨ ᠪᠠᠷᠠᠭᠤᠨ ᠬᠤᠰᠢᠭᠤ ᠪᠤᠯᠤᠨ ᠤᠩᠨᠢᠭᠤᠳ ᠬᠤᠰᠢᠭᠤᠨ ᠤ ᠲᠠᠯ᠎ᠠ ᠨᠤᠳᠤᠭ ᠤᠨ ᠵᠠᠩ ᠦᠢᠯᠡ ᠶᠢᠨ ᠲᠡᠦᠬᠡᠨ ᠲᠤᠷᠠᠰᠬᠠᠯᠳᠤ ᠪᠤᠳᠠᠰ ᠤᠨ ᠲᠤᠬᠠᠢ ᠴᠣᠭᠯᠠᠭᠤᠯᠭ᠎ᠠ ᠬᠢᠵᠡᠢ᠃

11 ᠱᠠᠩᠨᠠᠯ ᠬᠦᠷᠳᠡᠭᠰᠡᠨ ᠪᠠᠶᠢᠳᠠᠯ

2003 ᠤᠨ ᠳᠤ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠲᠤᠯᠤᠳᠤᠭᠠᠷ ᠬᠤᠭᠤᠴᠠᠭᠠᠨ ᠤ ᠬᠦᠨ ᠤᠬᠠᠭᠠᠨ ᠨᠡᠶᠢᠬᠡᠮ ᠤᠨ ᠰᠢᠨᠵᠢᠯᠡᠬᠦ ᠤᠬᠠᠭᠠᠨ ᠤ ᠰᠢᠯᠢᠳᠡᠭ ᠦᠷ᠎ᠡ ᠪᠦᠳᠦᠬᠡᠯ ᠤᠨ ᠵᠠᠯᠠᠭᠤᠴᠤᠳ ᠤᠨ ᠱᠠᠩᠨᠠᠯ ᠢ ᠬᠦᠷᠳᠡᠪᠡ᠃

2006 ᠤᠨ ᠳᠤ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠡᠢᠮᠠᠳᠤᠭᠠᠷ ᠬᠤᠭᠤᠴᠠᠭᠠᠨ ᠤ ᠬᠦᠨ ᠤᠬᠠᠭᠠᠨ ᠨᠡᠶᠢᠬᠡᠮ ᠤᠨ ᠰᠢᠨᠵᠢᠯᠡᠬᠦ ᠤᠬᠠᠭᠠᠨ ᠤ ᠰᠢᠯᠢᠳᠡᠭ ᠦᠷ᠎ᠡ ᠪᠦᠳᠦᠬᠡᠯ ᠤᠨ ᠬᠤᠶᠠᠳᠤᠭᠠᠷ ᠲᠡᠰ ᠤᠨ ᠱᠠᠩᠨᠠᠯ  ᠢ ᠬᠦᠷᠳᠡᠪᠡ᠃

2008 ᠤᠨ ᠳᠤ᠂ ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠵᠠᠯᠠᠭᠤ ᠪᠠᠭᠰᠢ ᠶᠢᠨ ᠵᠢᠭᠠᠨ ᠰᠤᠷᠭᠠᠯᠳᠠ ᠶᠢᠨ ᠤᠷ᠎ᠠ ᠮᠡᠷᠬᠡᠰᠢᠯ ᠤᠨ ᠤᠷᠤᠯᠳᠤᠭᠠᠨ ᠤ ᠬᠤᠶᠠᠳᠤᠭᠠᠷ ᠲᠡᠰ ᠲᠤ ᠲᠤᠳᠤᠷᠠᠵᠠᠢ᠃

2008 ᠤᠨ ᠤ ᠲᠤᠮᠳᠠᠳᠤ ᠤᠯᠤᠰ ᠤᠨ ᠲᠦᠷᠪᠡᠳᠦᠬᠡᠷ ᠬᠤᠭᠤᠴᠠᠭᠠᠨ ᠤ ᠲᠠᠯ᠎ᠠ ᠨᠤᠳᠤᠭ ᠤᠨ ᠰᠤᠶᠤᠯ ᠤᠨ 《ᠮᠡᠷᠭᠡᠳ ᠤᠨ ᠲᠠᠪᠴᠠᠩ》 ᠳᠤ ᠰᠢᠯᠢᠳᠡᠭ ᠦᠬᠦᠯᠡᠯ ᠤᠨ ᠦᠷ᠎ᠡ ᠪᠦᠳᠦᠮᠵᠢ ᠪᠠᠷ ᠦᠨᠡᠯᠡᠭᠳᠡᠪᠡ᠃

2008 ᠤᠨ ᠳᠤ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠶᠢᠰᠦᠳᠦᠬᠡᠷ ᠬᠤᠭᠤᠴᠠᠭᠠᠨ ᠤ ᠬᠦᠨ ᠤᠬᠠᠭᠠᠨ ᠨᠡᠶᠢᠬᠡᠮ ᠤᠨ ᠰᠢᠨᠵᠢᠯᠡᠬᠦ ᠤᠬᠠᠭᠠᠨ ᠤ ᠰᠢᠯᠢᠳᠡᠭ ᠦᠷ᠎ᠡ ᠪᠦᠳᠦᠬᠡᠯ ᠤᠨ ᠭᠤᠷᠪᠠᠳᠤᠭᠠᠷ ᠲᠡᠰ ᠤᠨ ᠱᠠᠩᠨᠠᠯ ᠢ ᠬᠦᠷᠳᠡᠪᠡ᠃

2012 ᠤᠨ ᠤ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠬᠤᠭᠤᠴᠠᠭᠠᠨ ᠤ ᠤᠶᠤᠨ ᠤ ᠪᠤᠯᠪᠠᠰᠤᠨ ᠤ ᠪᠦᠳᠦᠭᠡᠨ ᠪᠠᠶᠢᠭᠤᠯᠤᠯᠳᠠ ᠶᠢᠨ 《ᠲᠠᠪᠦ‍ ᠨᠢᠬᠡ ᠢᠨᠵᠧᠨᠧᠷᠢᠩ》 ᠳᠤ ᠪᠦᠳᠦᠬᠡᠯ ᠡᠯᠰᠡᠭᠳᠡᠭᠰᠡᠨ ᠱᠠᠩᠨᠠᠯ ᠬᠦᠷᠳᠡᠪ

 
Baidu
sogou