
ᠤᠭᠰᠠᠭᠠᠲᠠᠨ ᠵᠦᠢ ᠨᠡᠶᠢᠭᠡᠮ ᠵᠦᠢ ᠶᠢᠨ ᠳᠡᠭᠡᠳᠦ ᠰᠤᠷᠭᠠᠭᠤᠯᠢ ᠥᠪᠥᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠡᠸᠡᠩᠬᠢ ᠦᠨᠳᠦᠰᠦᠲᠡᠨ ᠤ ᠰᠤᠳᠤᠯᠭᠠᠨ ᠤ ᠨᠡᠶᠢᠭᠡᠮᠯᠢᠭ ᠲᠠᠢ ᠨᠡᠶᠢᠭᠡᠮ ᠤᠨ ᠦᠢᠯᠡᠳᠦᠯᠭᠡ ᠪᠣᠯᠣᠨ ᠰᠣᠳᠤᠯᠭᠠᠨ ᠤ ᠰᠠᠭᠤᠷᠢᠨ ᠭᠠᠵᠠᠷ ᠤᠨ ᠭᠡᠷ᠎ᠡ ᠲᠣᠭᠲᠠᠭᠰᠠᠨ ᠨᠢ

2019 ᠣᠨ ᠤ 8 ᠰᠠᠷ᠎ᠠ ᠶᠢᠨ 7 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠡᠸᠡᠩᠬᠢ ᠦᠨᠳᠦᠰᠦᠲᠡᠨ ᠤ ᠰᠣᠳᠤᠯᠭᠠᠨ ᠤ ᠨᠡᠶᠢᠭᠡᠮᠯᠢᠭ ᠨᠢ ᠬᠦᠯᠦᠨ ᠪᠤᠶᠢᠷ ᠬᠤᠲᠠ ᠶᠢᠨ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠰᠢᠨ᠎ᠡ ᠲᠣᠭᠤᠷᠢᠭ ᠤᠨ ᠰᠢᠨ ᠳ᠋ᠦᠨ ᠵᠣᠴᠢᠳ ᠤᠨ ᠪᠠᠭᠤᠳᠠᠯ ᠳᠤ ︽ᠡᠸᠡᠩᠬᠢ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠬᠥᠭᠵᠢᠯᠲᠡ ᠶᠢᠨ ᠰᠤᠳᠤᠯᠤᠨ ᠶᠠᠷᠢᠯᠴᠠᠬᠤ ᠬᠤᠷᠠᠯ︾ ᠢ ᠡᠷᠬᠢᠯᠡᠨ ᠬᠤᠷᠠᠯᠳᠤᠭᠰᠠᠨ ᠪᠠᠶᠢᠨ᠎ᠠ᠃ ᠳᠤᠮᠳᠠᠳᠤ ᠣᠯᠣᠰ ᠤᠨ ᠨᠡᠶᠢᠭᠡᠮ ᠤᠨ ᠰᠢᠨᠵᠢᠯᠡᠬᠦ ᠣᠬᠠᠭᠠᠨ ᠤ ᠬᠦᠷᠢᠶᠡᠯᠡᠩ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠥᠪᠥᠷ ᠮᠣᠩᠭᠤᠯ ᠤᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠬᠡᠯᠡ ᠰᠢᠨᠵᠢᠯᠡᠯ ᠤᠨ ᠲᠣᠰᠬᠠᠢ ᠮᠡᠷᠭᠡᠵᠢᠯᠲᠡᠨ ᠪᠠ ᠡᠷᠳᠡᠮᠲᠡᠳ ᠵᠢᠴᠢ ᠡᠯ᠎ᠡ ᠬᠤᠰᠢᠭᠤ ᠬᠤᠲᠠ ᠲᠣᠭᠤᠷᠢᠭ ᠤᠨ ᠡᠸᠡᠩᠬᠢ ᠦᠨᠳᠦᠰᠦᠲᠡᠨ ᠤ ᠰᠤᠳᠤᠯᠭᠠᠨ ᠤ ᠨᠡᠶᠢᠭᠡᠮᠯᠢᠭ ᠤᠨ ᠳᠠᠷᠤᠭ᠎ᠠ᠂ ᠬᠡᠷᠡᠭ ᠮᠡᠳᠡᠭᠴᠢ᠂ ᠨᠡᠶᠢᠭᠡᠮᠯᠢᠭ ᠤᠨ ᠭᠡᠰᠢᠭᠦᠳ ᠬᠤᠷᠠᠯ ᠳᠤ ᠣᠷᠣᠯᠴᠠᠵᠠᠢ᠃

ᠰᠤᠳᠤᠯᠤᠨ ᠶᠠᠷᠢᠯᠴᠠᠬᠤ ᠬᠤᠷᠠᠯ ᠳᠡᠭᠡᠷ᠎ᠡ᠂ ᠥᠪᠥᠷ ᠮᠣᠩᠭᠤᠯ ᠤᠨ ᠶᠡᠭᠡ ᠰᠣᠷᠭᠠᠭᠤᠯᠢ ᠶᠢᠨ ᠤᠭᠰᠠᠭᠠᠲᠠᠨ ᠵᠦᠢ ᠨᠡᠶᠢᠭᠡᠮ ᠵᠦᠢ ᠶᠢᠨ ᠳᠡᠭᠡᠳᠦ ᠰᠤᠷᠭᠠᠭᠤᠯᠢ ᠪᠣᠯᠣᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠸᠡᠩᠬᠢ ᠦᠨᠳᠦᠰᠦᠲᠡᠨ ᠤ ᠰᠤᠳᠤᠯᠭᠠᠨ ᠤ ᠨᠡᠶᠢᠭᠡᠮᠯᠢᠭ ᠨᠢ ︽ᠥᠪᠥᠷ ᠮᠤᠩᠭᠤᠯ ᠤᠨ ᠶᠡᠭᠡ ᠰᠤᠷᠭᠠᠭᠤᠯᠢ ᠶᠢᠨ ᠰᠣᠷᠣᠭᠴᠢᠳ ᠤᠨ ᠡᠸᠡᠩᠬᠢ ᠬᠤᠰᠢᠭᠤᠨ ᠳᠠᠬᠢ ᠨᠠᠶᠢᠭᠡᠮ ᠤᠨ ᠦᠢᠯᠡᠳᠦᠯᠭᠡ ᠪᠣᠯᠣᠨ ᠰᠤᠳᠤᠯᠭᠠᠨ ᠤ ᠰᠠᠭᠤᠷᠢᠨ ᠭᠠᠵᠠᠷ︾ ᠤᠨ ᠬᠠᠮᠲᠤᠷᠠᠯᠴᠠᠭᠠᠨ ᠤ ᠭᠡᠷ᠎ᠡ ᠶᠢ ᠲᠣᠭᠲᠠᠭᠠᠵᠣ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠸᠡᠩᠬᠢ ᠦᠨᠳᠦᠰᠦᠲᠡᠨ ᠤ ᠰᠤᠳᠤᠯᠭᠠᠨ ᠤ ᠨᠡᠶᠢᠭᠡᠮᠯᠢᠭ ᠤᠨ ᠳᠠᠷᠤᠭ᠎ᠠ ᠳᠠᠰᠢᠵᠠᠪ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠤᠭᠰᠠᠭᠠᠲᠠᠨ ᠵᠦᠢ ᠨᠡᠶᠢᠭᠡᠮ ᠵᠦᠢ ᠶᠢᠨ ᠳᠡᠭᠡᠳᠦ ᠰᠤᠷᠭᠠᠭᠤᠯᠢ ᠶᠢᠨ ᠳᠠᠷᠤᠭ᠎ᠠ ᠠᠯᠲᠠᠨᠪᠣᠯᠠᠭ ᠬᠠᠮᠲᠤᠷᠠᠯᠴᠠᠭᠠᠨ ᠤ ᠭᠡᠷ᠎ᠡ ᠳᠤ ᠬᠠᠮᠲᠤ ᠪᠠᠷ ᠭᠠᠷ ᠤᠨ ᠦᠰᠦᠭ ᠵᠢᠷᠤᠵᠤ᠂ ᠮᠥᠨ ᠴᠦ ᠬᠠᠮᠲᠤ ᠪᠠᠷ ᠰᠠᠭᠤᠷᠢᠨ ᠭᠠᠵᠠᠷ ᠤᠨ ᠫᠠᠶᠢᠰᠠ ᠶᠢ ᠰᠡᠬᠦᠵᠠᠢ᠃

 
Baidu
sogou