ᠰᠢ ᠶᠢᠨ ᠫᠢᠩ ᠱᠦᠵᠢ ᠶᠢᠨ ᠦᠪᠦᠷ ᠮᠤᠩᠭᠤᠯ ᠢ ᠪᠠᠶᠢᠴᠠᠭᠠᠨ ᠰᠢᠨᠵᠢᠯᠡᠭᠰᠡᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠲᠤᠭᠤᠰᠢᠯᠠᠭᠤᠯᠬᠤ ᠶᠢᠨ ᠲᠦᠯᠦᠭᠡ ᠴᠦᠬᠡᠨ ᠲᠤᠭᠠᠲᠤ ᠦᠨᠳᠦᠰᠦᠲᠡᠨ ᠤ ᠰᠤᠶᠤᠯ ᠤᠨ ᠦᠯᠡᠳᠡᠭᠳᠡᠯ ᠢ ᠬᠡᠷᠬᠢᠨ ᠬᠠᠮᠠᠭᠠᠯᠠᠬᠤ ᠵᠢᠴᠢ ᠤᠯᠠᠮᠵᠢᠯᠠᠬᠤ ᠤᠨᠤᠯ ᠪᠠ ᠦᠢᠯᠡᠳᠦᠯᠭᠡ ᠶᠢᠨ ᠲᠤᠬᠠᠢ ᠬᠠᠮᠢᠶ᠎ᠠ ᠪᠦᠬᠦᠢ ᠰᠡᠳᠤᠪ ᠢ ᠭᠦᠨᠵᠡᠭᠡᠢ ᠰᠢᠨᠵᠢᠯᠡᠨ ᠰᠤᠳᠤᠯᠵᠤ᠂ ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠤᠭᠰᠠᠭᠠᠲᠠᠨ ᠵᠦᠢ ᠨᠡᠶᠢᠭᠡᠮ ᠵᠦᠢ ᠶᠢᠨ ᠳᠡᠭᠡᠳᠤ ᠰᠤᠷᠭᠠᠭᠤᠯᠢ᠂ ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠪᠤᠳᠠᠰ ᠤᠨ ᠪᠤᠰᠤ ᠰᠤᠶᠤᠯ ᠤᠨ ᠦᠪ ᠢ ᠰᠤᠳᠤᠯᠬᠤ ᠬᠤᠷᠢᠶ᠎ᠠ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠪᠠᠭᠠᠷᠢᠨ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠬᠠᠮᠲᠤᠪᠡᠷ ᠭᠤᠤᠯᠯᠠᠨᠡᠷᠬᠢᠯᠡᠵᠤ᠂ ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠬᠢᠳᠠᠨ ᠯᠢᠶᠤᠤ ᠶᠢᠨ ᠰᠤᠶᠤᠯ ᠤᠨ ᠠᠵᠤ ᠦᠢᠯᠡᠳᠪᠦᠷᠢᠵᠢᠭᠦᠯᠬᠦ ᠶᠢ ᠰᠤᠳᠤᠯᠬᠤ ᠲᠦᠪ᠂ ᠪᠠᠭᠠᠷᠢᠨ ᠵᠡᠭᠦᠨ ᠬᠤᠰᠢᠭᠤᠨ ᠤ ᠯᠢᠨᠳᠦ᠋ᠩ ᠮᠤᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ ᠠᠴᠠ ᠬᠠᠪᠰᠤᠷᠤᠨ ᠡᠷᠬᠢᠯᠡᠭᠰᠡᠨ ︿︿ᠳᠤᠮᠳᠠᠳᠤ ᠤᠯᠤᠰ ᠤᠨ ᠮᠤᠩᠭᠤᠯ ᠦᠨᠳᠦᠰᠦᠲᠡᠨ ᠤ ᠪᠤᠳᠠᠰ ᠤᠨ ᠪᠤᠰᠤ ᠰᠤᠶᠤᠯ ᠤᠨ ᠦᠪ ᠤᠨ ᠬᠠᠮᠠᠭᠠᠯᠯᠲᠠ ᠪᠤᠯᠤᠨ ᠬ᠊᠂ ᠳᠠᠮᠪᠢᠵᠯᠠᠰᠠᠨ ᠤ ᠡᠷᠳᠡᠮ ᠰᠢᠨᠵᠢᠯᠡᠭᠡᠨ ᠤ ᠦᠵᠡᠯ ᠰᠠᠨᠠᠭᠨ ᠤ ᠵᠠᠯᠭᠠᠮᠵᠢᠯᠠᠯᠲᠠ ᠶᠢᠨ ᠶᠠᠷᠢᠯᠴᠠᠨ ᠰᠤᠳᠤᠯᠬᠤ ᠬᠤᠷᠠᠯ﹀﹀2019 ᠤᠨ ᠤ 9 ᠰᠠᠷ᠎ᠠ ᠶᠢᠨ 2 ᠠᠴᠠ 3 ᠪᠤᠯᠲᠠᠯ᠎ᠠ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠤᠯᠠᠭᠠᠨᠬᠠᠳᠠ ᠬᠤᠲᠠ ᠶᠢᠨ ᠪᠠᠭᠠᠷᠢᠨ ᠵᠡᠭᠦᠨ ᠬᠤᠰᠢᠭᠤᠨ ᠤ ᠯᠢᠨᠳᠦ᠋ᠩ ᠪᠠᠯᠭᠠᠰᠤᠨ ᠳᠤ ᠶᠠᠪᠤᠭᠳᠠᠵᠠᠢ᠃
ᠪᠠᠭᠠᠷᠢᠨ ᠵᠡᠭᠦᠨ ᠬᠤᠰᠢᠭᠤ ᠨᠢ ᠦᠪᠦᠷ ᠮᠤᠩᠭᠤᠯ ᠤᠨ ᠤᠯᠠᠭᠠᠨᠬᠠᠳᠠ ᠬᠤᠳᠠ ᠶᠢᠨ ᠤᠮᠠᠷᠠᠲᠤ ᠭᠡᠰᠡᠭ ᠲᠤ ᠪᠠᠶᠢᠷᠢᠯᠠᠵᠤ᠂ ᠶᠡᠷᠤᠩᠬᠡᠢ ᠲᠠᠯᠠᠪᠠᠢ ᠨᠢ 6644 ᠺᠦᠸᠠᠲ ᠺᠢᠯᠤᠮᠧᠲᠷ᠂ 11 ᠰᠤᠮᠤ ᠪᠠᠯᠭᠠᠰᠤ᠂ 2 ᠵᠡᠭᠡᠯᠢ ᠶᠢᠨ ᠬᠠᠮᠢᠶᠠᠷᠤᠯᠳᠠ ᠶᠢᠨ ᠠᠯᠪᠠᠨ ᠭᠡᠷ ᠢ ᠬᠠᠮᠤᠷᠴᠤ᠂ ᠶᠡᠷᠤᠩᠬᠡᠢ ᠬᠦᠮᠤᠨ ᠠᠮᠠ ᠨᠢ 36 ᠲᠦᠮᠡ᠃ ᠮᠤᠩᠭᠤᠯ᠂ ᠬᠢᠲᠠᠳ᠂ ᠬᠤᠲᠤᠩ᠂ ᠮᠠᠨᠵᠤ ᠵᠡᠷᠭᠡ 16 ᠦᠨᠳᠦᠰᠦᠲᠡᠨ ᠢᠶᠠᠷ ᠪᠦᠷᠢᠯᠳᠦᠵᠠᠢ᠃ ᠪᠠᠭᠠᠷᠢᠨ ᠵᠡᠭᠦᠨ ᠬᠤᠰᠢᠭᠤᠨ ᠤ ᠲᠡᠤᠬᠡ ᠰᠤᠶᠤᠯ ᠤᠨ ᠦᠨᠳᠦᠰᠦ ᠰᠤᠷᠪᠤᠯᠵᠢ ᠭᠦᠨ ᠭᠦᠨᠵᠡᠭᠡᠢ ᠪᠢᠯᠡ᠃ ᠹᠦ᠋ ᠾᠧ ᠶᠢᠨ ᠰᠤᠶᠤᠯ᠂ ᠬᠢᠳᠠᠨ ᠯᠢᠶᠤᠤ ᠶᠢᠨ ᠰᠤᠶᠤᠯ ᠤᠨ ᠡᠭᠦᠰᠦᠯ ᠤᠨ ᠭᠠᠵᠠᠷ᠂ ᠬᠢᠳᠠᠨ ᠯᠢᠶᠤᠤ ᠶᠢᠨ ᠦᠶ᠎ᠡ ᠶᠢᠨ ᠡᠷᠳᠡᠨ ᠤ ᠳᠡᠭᠡᠳᠤ ᠨᠡᠶᠢᠰᠯᠡᠯ ᠪᠤᠯᠤᠨ ᠯᠢᠶᠤᠤ ᠶᠢᠨ ᠡᠷᠳᠡᠨ ᠤ ᠤᠩᠭᠤᠨ ᠢᠶᠠᠷ ᠲᠦᠯᠦᠭᠡᠯᠡᠭᠦᠯᠦᠭᠰᠡᠨ ᠬᠭᠤᠴᠢᠳ ᠤᠨ ᠰᠦᠷᠦᠭ ᠲᠠᠢ᠃ ᠲᠠᠪᠤᠨ ᠮᠢᠩᠭᠠᠨ ᠵᠢᠯ ᠤᠨ ᠹᠦ᠋ ᠾᠧ ᠶᠢᠨ ᠰᠤᠶᠤᠯ᠂ ᠮᠢᠩᠭ᠎ᠠ ᠭᠠᠷᠤᠢ ᠵᠢᠯ ᠤᠨ ᠬᠢᠳᠠᠨ ᠯᠢᠶᠤᠤ ᠶᠢᠨ ᠰᠤᠶᠤᠯ᠂ ᠲᠠᠷᠢᠶᠠᠯᠠᠩ ᠤᠨ ᠪᠤᠯᠪᠠᠰᠤᠨ ᠪᠤᠯᠤᠨ ᠨᠡᠭᠦᠳᠡᠯ ᠮᠠᠯᠵᠢᠯ ᠤᠨ ᠪᠤᠯᠪᠠᠰᠤᠨ ᠬᠠᠷᠢᠯᠴᠠᠨ ᠠᠭᠤᠰᠤᠯᠴᠠᠵᠤ᠂ ᠡᠨᠡ ᠭᠠᠵᠠᠷ ᠤᠨ ᠤᠨᠴᠠᠭᠠᠢ ᠬᠡᠬᠡᠨᠴᠢᠷ ᠭᠤᠶᠤ ᠶᠢ ᠬᠤᠷᠠᠮᠳᠤᠭᠤᠯᠤᠠ ᠲᠤᠩᠭᠠᠵᠤ᠂ ᠬ᠊᠂ ᠳᠠᠮᠪᠢᠵᠠᠯᠰᠠᠨ᠂ ᠰᠤᠳᠨᠠᠮ᠂ ᠰᠢᠷᠠᠪᠵᠠᠮᠰᠣ ᠵᠡᠷᠭᠡ ᠨᠢᠭᠡ ᠪᠦᠯᠦᠭ ᠮᠤᠩᠭᠤᠯ ᠦᠨᠳᠦᠰᠦᠲᠡᠨ ᠤ ᠠᠯᠳᠠᠷᠲᠤ ᠬᠦᠮᠦᠰ ᠢ ᠬᠦᠮᠦᠵᠢᠭᠦᠯᠵᠠᠢ᠃
2 ᠤ ᠡᠳᠦᠷ ᠤᠨ ᠦᠳᠡ ᠶᠢᠨ ᠡᠮᠦᠨ᠎ᠡ ᠯᠢᠨᠳᠦ᠋ᠩ ᠮᠤᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ ᠳᠤ ᠬ᠊᠂ ᠳᠠᠮᠪᠢᠵᠠᠯᠰᠠᠨ ᠤ ᠱᠤᠭᠤᠮᠠᠯ ᠤᠨ ᠬᠦᠰᠢᠭᠡ ᠰᠡᠬᠦᠬᠦ ᠶᠤᠰᠤᠯᠠᠯ ᠶᠠᠪᠤᠭᠳᠠᠵᠠᠢ᠃ ᠬ᠊᠂ ᠳᠠᠮᠪᠢᠵᠠᠯᠰᠠᠨ ︵1933 —2004︶᠂ ᠦᠪᠦᠷ ᠮᠤᠩᠭᠤᠯ ᠤᠨ ᠵᠤ ᠤᠳᠠ ᠠᠶᠢᠮᠠᠭ ︵ᠤᠳᠤ ᠶᠢᠨ ᠤᠯᠠᠭᠠᠨᠬᠠᠳᠠ ᠬᠤᠲᠠ︶ ᠤᠨ ᠪᠠᠭᠠᠷᠢᠨ ᠵᠡᠭᠦᠨ ᠬᠤᠰᠢᠭᠤᠨ ᠤ ᠬᠦᠮᠦᠨ᠃ ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠫᠷᠤᠹᠧᠰᠰᠤᠷ᠂ ᠮᠤᠩᠭᠤᠯ ᠦᠨᠳᠦᠰᠦᠲᠡᠨ ᠤ ᠠᠯᠳᠠᠷᠳᠤ ᠰᠢᠯᠦᠭᠴᠢᠨ᠂ ᠰᠤᠳᠤᠯᠭᠠᠳᠠᠨ᠂ ᠦᠨᠳᠦᠰᠦᠲᠡᠨ ᠤ ᠵᠠᠩ ᠦᠢᠯᠡ ᠶᠢᠨ ᠡᠷᠳᠡᠮᠲᠡᠨ᠃ ᠬ᠊᠂ ᠳᠠᠮᠪᠢᠵᠠᠯᠰᠠᠨ 1952 ᠤᠨ ᠳᠤ ᠯᠢᠨᠳᠦ᠋ᠩ ᠳᠣᠮᠳᠠᠳᠤ ᠰᠤᠷᠭᠠᠭᠤᠯᠢ ︵ᠤᠳᠤ ᠶᠢᠨ ᠯᠢᠨᠳᠦ᠋ᠩ ᠮᠤᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ︶ ᠠᠴᠠ ᠲᠡᠭᠦᠰᠴᠤ᠂ 1957 ᠤᠨ ᠳᠤ ᠦᠪᠦᠷ ᠮᠤᠩᠭᠤᠯ ᠤᠨ ᠪᠠᠭᠰᠢ ᠶᠢᠨ ᠶᠡᠭᠡ ᠰᠤᠭᠠᠭᠤᠯᠢ ᠠᠴᠠ ᠲᠡᠭᠦᠰᠴᠠᠢ᠃ 1951 ᠤᠨ ᠳᠤ ᠠᠵᠢᠯ ᠳᠤ ᠭᠠᠷᠴᠤ᠂ ᠪᠠᠭᠠᠷᠢᠨ ᠵᠡᠭᠦᠨ ᠬᠤᠰᠢᠭᠤᠨ ᠤ ᠣᠯᠠᠭᠠᠢ ᠪᠠᠭ᠎ᠠ ᠰᠤᠷᠭᠠᠭᠤᠯᠢ ᠶᠢᠨ ᠪᠠᠭᠰᠢ᠂ ᠯᠢᠨᠳᠦ᠋ᠩ ᠤᠨ ᠪᠠᠭᠰᠢ ᠶᠢᠨ ᠰᠤᠷᠭᠠᠭᠤᠯᠢ ᠶᠢᠨ ᠪᠠᠭᠰᠢ᠂ ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠫᠷᠤᠹᠧᠰᠰᠤᠷ ᠢᠶᠠᠷ ᠠᠵᠢᠯᠯᠠᠵᠤ ᠪᠠᠶᠢᠵᠠᠢ᠃ ᠤᠯᠠᠨ ᠤᠯᠤᠰ ᠤᠨ ᠮᠤᠩᠭᠤᠯ ᠰᠤᠳᠤᠯᠤᠯ ᠤᠨ ᠬᠤᠷᠠᠯ ᠤᠨ ᠬᠡᠰᠢᠭᠦᠨ᠂ ᠳᠤᠮᠳᠠᠳᠤ ᠤᠯᠤᠰ ᠤᠨ ᠮᠤᠩᠭᠤᠯ ᠰᠤᠶᠤᠯ ᠤᠨ ᠬᠤᠷᠠᠯ ᠤᠨ ᠪᠠᠶᠢᠩᠭᠤ ᠶᠢᠨ ᠬᠡᠷᠡᠭ ᠡᠷᠬᠢᠯᠡᠭᠴᠢ᠂ ᠳᠤᠮᠳᠠᠳᠤ ᠤᠯᠤᠰ ᠤᠨ ᠵᠤᠬᠢᠶᠠᠭᠴᠢ ᠶᠢᠨ ᠨᠡᠶᠢᠭᠡᠮᠯᠢᠭ ᠤᠨ ᠬᠡᠰᠢᠭᠦᠨ᠂ ᠦᠪᠦᠷ ᠮᠤᠩᠭᠤᠯ ᠤᠨ ᠠᠷᠠᠳ ᠤᠨ ᠤᠷᠠᠯᠢᠭᠴᠢ ᠶᠢᠨ ᠨᠡᠶᠢᠭᠡᠮᠯᠢᠭ ᠤᠨ ᠬᠡᠷᠡᠭ ᠡᠷᠬᠢᠯᠡᠭᠴᠢ ᠪᠠᠶᠢᠵᠠᠢ᠃ 1978 ᠤᠨ ᠳᠤ ᠬ᠊᠂ ᠳᠠᠮᠪᠢᠵᠠᠯᠰᠠᠨ ᠤ《 ᠵᠡᠭᠦᠯᠲᠡ ︿ᠮᠣᠩᠭᠤᠯ ᠵᠠᠩ ᠠᠭᠠᠯᠢ ᠶᠢᠨ ᠣᠶᠢᠯᠠᠭ᠎ᠠ﹀ 》ᠬᠡᠪᠯᠡᠭᠳᠡᠮᠡᠭᠴᠡ᠂ ᠡᠷᠳᠡᠮ ᠰᠢᠨᠵᠢᠯᠡᠭᠡᠨ ᠤ ᠬᠦᠷᠢᠶᠡᠨ ᠳᠤ ᠯᠤᠲᠤ ᠶᠡᠭᠡ ᠨᠦᠯᠦᠭᠡ ᠭᠠᠷᠭᠠᠵᠤ᠂ ᠳᠡᠯᠡᠬᠡᠢ ᠶᠢᠨ ᠡᠯ᠎ᠡ ᠤᠯᠤᠰ ᠤᠨ ᠮᠤᠩᠭᠤᠯ ᠰᠤᠳᠤᠯᠤᠯ ᠤᠨ ᠬᠦᠷᠢᠶᠡᠨ ᠤ ᠠᠩᠬᠠᠷᠣᠯ ᠢ ᠳᠠᠳᠠᠵᠤ᠂ ᠬᠠᠭᠠᠰ ᠵᠠᠭᠤᠨ ᠵᠢᠯ ᠭᠦᠨ ᠨᠣᠶᠢᠷᠰᠤᠭᠰᠠᠨ ᠮᠤᠩᠭᠤᠯ ᠦᠨᠳᠦᠰᠦᠲᠡᠨ ᠤ ᠵᠠᠩ ᠦᠢᠯᠡ ᠶᠢᠨ ᠰᠤᠳᠤᠯᠭᠠᠨ ᠢ ᠲᠠᠭᠤᠳᠠᠨ ᠰᠡᠷᠡᠭᠡᠵᠤ᠂ ᠣᠯᠣᠰ ᠤᠨ ᠳᠤᠳᠤᠭᠠᠳᠤ ᠶᠢᠨ ᠵᠠᠩ ᠦᠢᠯᠡ ᠶᠢᠨ ᠰᠤᠳᠤᠯᠭᠠᠨ ᠤ ᠰᠢᠨ᠎ᠡ ᠡᠬᠢᠯᠡᠯ ᠢ ᠪᠤᠢ ᠪᠤᠯᠭᠠᠵᠠᠢ᠃ ᠲᠡᠭᠦᠨ ᠤ ᠤᠷᠢᠶᠠᠯᠠᠯ ᠳᠤᠤᠷ᠎ᠠ 1988 ᠤᠨ ᠳᠤ ᠦᠪᠦᠷ ᠮᠤᠩᠭᠤᠯ ᠤᠨ ᠵᠠᠩ ᠦᠢᠯᠡ ᠶᠢᠨ ᠰᠤᠶᠤᠯ ᠤᠨ ᠬᠤᠷᠠᠯ ᠬᠦᠬᠡᠬᠤᠲᠠ ᠳᠤ ᠪᠠᠶᠢᠭᠤᠯᠤᠭᠳᠠᠵᠤ᠂ ᠬ᠊᠂ ᠳᠠᠮᠪᠢᠵᠠᠯᠰᠠᠨ ᠤ ᠭᠤᠤᠯᠯᠠᠨ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ《 ᠮᠣᠩᠭᠤᠯ ᠵᠠᠩ ᠠᠭᠠᠯᠢ ᠵᠦᠢ》 ᠨᠢ ᠰᠤᠷᠭᠠᠨ ᠬᠦᠮᠦᠵᠢᠯ ᠤᠨ ᠬᠤᠭᠤᠰᠤᠨ ᠢ ᠨᠦᠬᠦᠪᠦᠷᠢᠯᠡᠬᠦ ᠴᠢᠬᠤᠯᠠ ᠦᠷᠲᠡᠭ ᠲᠠᠢ ᠭᠡᠵᠤ ᠦᠨᠡᠯᠡᠭᠳᠡᠵᠠᠢ᠃ ᠲᠡᠷᠡ ᠪᠠᠰᠠ ᠣᠳᠤ ᠦᠶ᠎ᠡ ᠶᠢᠨ ᠮᠤᠩᠭᠤᠯ ᠵᠠᠩ ᠦᠢᠯᠡ ᠶᠢᠨ ᠬᠢᠴᠢᠶᠡᠯ ᠲᠦᠷᠦᠯ ᠤᠨ ᠡᠭᠦᠳᠦᠭᠴᠢ ᠪᠠ ᠰᠠᠭᠤᠷᠢᠯᠠᠭᠴᠢ ᠪᠠᠷ ᠦᠨᠡᠯᠡᠭᠳᠡᠵᠠᠢ᠃ ᠬ᠊᠂ ᠳᠠᠮᠪᠢᠵᠠᠯᠰᠠᠨ ᠤ ᠮᠤᠩᠭᠤᠯ ᠰᠤᠳᠤᠯᠤᠯ ᠤᠨ ᠰᠣᠳᠣᠯᠭᠠᠨ ᠳᠤ ᠨᠡᠮᠡᠷᠢᠯᠡᠭᠰᠡᠨ ᠤᠨᠴᠠᠭᠠᠢ ᠬᠤᠪᠢ ᠨᠡᠮᠡᠷᠢ ᠶᠢ ᠳᠤᠷᠠᠰᠬᠠᠬᠤ ᠶᠢᠨ ᠲᠦᠯᠦᠭᠡ᠂ ᠲᠤᠰᠠᠬᠠᠶᠢᠯᠠᠨ ᠲᠡᠭᠦᠨ ᠤ ᠡᠬᠡ ᠰᠤᠷᠭᠠᠭᠤᠯᠢ ᠯᠢᠨᠳᠦ᠋ᠩ ᠮᠤᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ ᠳᠤ ᠬ᠊᠂ ᠳᠠᠮᠪᠢᠵᠠᠯᠰᠠᠨ ᠤ ᠱᠤᠭᠤᠮᠠᠯ ᠢ ᠪᠤᠰᠬᠠᠵᠠᠢ᠃ ᠪᠠᠭᠠᠷᠢᠨ ᠵᠡᠭᠦᠨ ᠬᠤᠰᠢᠭᠤᠨ ᠤ ᠬᠠᠮᠢᠶ᠎ᠠ ᠪᠦᠬᠦᠢ ᠤᠳᠤᠷᠢᠳᠤᠯᠭ᠎ᠠ ᠪᠤᠯᠤᠨ ᠲᠤᠰᠬᠠᠢ ᠮᠡᠷᠭᠡᠵᠢᠯᠲᠡᠨ᠂ ᠰᠤᠳᠤᠯᠭᠠᠲᠠᠨ᠂ ᠬ᠊᠂ ᠳᠠᠮᠪᠢᠵᠠᠯᠰᠠᠨ ᠤ ᠭᠡᠷ ᠤᠨ ᠬᠦᠮᠦᠰ ᠵᠢᠴᠢ ᠲᠤᠰ ᠰᠤᠷᠭᠠᠭᠤᠯᠢ ᠶᠢᠨ ᠪᠠᠭᠰᠢ ᠰᠤᠷᠤᠭᠴᠢ ᠵᠠᠭᠤ ᠰᠢᠬᠠᠮ ᠬᠦᠮᠦᠨ ᠬᠦᠰᠢᠭᠡ ᠰᠡᠬᠦᠬᠦ ᠶᠤᠰᠤᠯᠠᠯ ᠳᠤ ᠤᠷᠤᠯᠴᠠᠵᠠᠢ᠃ ᠡᠷᠳᠡᠮ ᠰᠢᠨᠵᠢᠯᠡᠭᠡᠨ ᠤ ᠰᠣᠳᠣᠯᠣᠨ ᠶᠠᠷᠢᠯᠴᠠᠬᠤ ᠬᠤᠷᠠᠯ ᠤᠨ ᠡᠬᠢᠯᠡᠯᠲᠡ ᠶᠢᠨ ᠶᠣᠰᠤᠯᠠᠯ 2 ᠤ ᠡᠳᠦᠷ ᠤᠨ ᠦᠳᠡ ᠶᠢᠨ ᠡᠮᠦᠨ᠎ᠡ ᠥᠪᠦᠷ ᠮᠣᠩᠭᠤᠯ ᠤᠨ ᠶᠡᠭᠡ ᠰᠤᠷᠭᠠᠭᠤᠯᠢ ᠶᠢᠨ ᠬᠢᠳᠠᠨ ᠯᠢᠶᠣᠤ ᠰᠣᠶᠣᠯ ᠤᠨ ᠠᠵᠣ ᠦᠢᠯᠡᠳᠪᠦᠷᠢᠵᠢᠭᠦᠯᠬᠦ ᠰᠣᠳᠣᠯᠣᠯᠲᠠ ᠶᠢᠨ ᠲᠥᠪ ᠲᠤ ᠶᠠᠪᠣᠭᠳᠠᠵᠠᠢ᠃ ᠳᠣᠮᠳᠠᠳᠣ ᠤᠯᠤᠰ ᠤᠨ ᠨᠡᠶᠢᠭᠡᠮ ᠰᠢᠨᠵᠢᠯᠡᠬᠦ ᠤᠬᠠᠭᠠᠨ ᠤ ᠳᠡᠭᠡᠳᠦ ᠰᠤᠷᠭᠠᠭᠤᠯᠢ᠂ ᠲᠥᠪ ᠤᠨ ᠦᠨᠳᠦᠰᠦᠲᠡᠨ ᠤ ᠶᠡᠭᠡ ᠰᠤᠷᠭᠠᠭᠤᠯᠢ᠂ ᠪᠠᠷᠠᠭᠤᠨ ᠬᠤᠶᠢᠲᠣ ᠶᠢᠨ ᠦᠨᠳᠦᠰᠦᠲᠡᠨ ᠤ ᠶᠡᠭᠡ ᠰᠤᠷᠭᠠᠭᠤᠯᠢ᠂ ᠥᠪᠦᠷ ᠮᠣᠩᠭᠤᠯ ᠤᠨ ᠨᠡᠶᠢᠭᠡᠮ ᠰᠢᠨᠵᠢᠯᠡᠬᠦ ᠤᠬᠠᠭᠠᠨ ᠤ ᠳᠡᠭᠡᠳᠦ ᠰᠤᠷᠭᠠᠭᠤᠯᠢ᠂ ᠥᠪᠥᠷ ᠮᠣᠩᠭᠤᠯ ᠤᠨ ᠰᠣᠶᠣᠯ ᠤᠨ ᠬᠤᠯᠪᠣᠭ᠎ᠠ᠂ ᠥᠪᠥᠷ ᠮᠣᠩᠭᠤᠯ ᠤᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠪᠠᠭᠰᠢ ᠶᠢᠨ ᠶᠡᠭᠡ ᠰᠣᠷᠭᠠᠭᠤᠯᠢ᠂ ᠥᠪᠥᠷ ᠮᠣᠩᠭᠤᠯ ᠤᠨ ᠰᠤᠷᠭᠠᠨ ᠬᠦᠮᠦᠵᠢᠯ ᠤᠨ ᠬᠡᠪᠯᠡᠯ ᠤᠨ ᠬᠤᠷᠢᠶ᠎ᠠ᠂ ᠪᠠᠭᠠᠷᠢᠨ ᠵᠡᠭᠦᠨ ᠬᠤᠰᠢᠭᠤᠨ ᠤ ᠲᠣᠰᠬᠠᠢ ᠮᠡᠷᠭᠡᠵᠢᠯᠲᠡᠨ ᠡᠷᠳᠡᠮᠲᠡᠨ᠂ ᠳᠠᠮᠪᠢᠵᠠᠯᠰᠠᠨ ᠤ ᠭᠡᠷ ᠤᠨ ᠬᠦᠮᠦᠰ ᠵᠢᠴᠢ ᠰᠣᠨᠢᠨ ᠮᠡᠳᠡᠭᠡ ᠵᠢᠭᠤᠴᠢᠯᠠᠭᠤᠷ ᠤᠨ 50 ᠭᠠᠷᠣᠢ ᠬᠦᠮᠦᠰ ᠲᠣᠰ ᠡᠷᠳᠡᠮ ᠰᠢᠨᠵᠢᠯᠡᠭᠡᠨ ᠤ ᠰᠤᠳᠤᠯᠣᠨ ᠶᠠᠷᠢᠯᠴᠠᠬᠤ ᠬᠤᠷᠠᠯ ᠳᠤ ᠣᠷᠤᠯᠴᠠᠵᠠᠢ᠃
ᠲᠣᠰ ᠤᠳᠠᠭᠠᠨ ᠤ ᠰᠤᠳᠤᠯᠣᠨ ᠶᠠᠷᠢᠯᠴᠠᠬᠤ ᠬᠤᠷᠠᠯ ᠤᠨᠭᠤᠣᠯ ᠰᠠᠨᠠᠭ᠎ᠠ ᠨᠢ ᠦᠨᠳᠦᠰᠦᠲᠡᠨ ᠤ ᠤᠯᠠᠮᠵᠢᠯᠠᠯᠲᠤ ᠰᠤᠶᠤᠯ ᠢ ᠪᠠᠳᠠᠷᠠᠭᠤᠯᠵᠤ᠂ ᠮᠣᠩᠭᠤᠯ ᠦᠨᠳᠦᠰᠦᠲᠡᠨ ᠤ ᠪᠣᠳᠠᠰ ᠤᠨ ᠪᠤᠰᠤ ᠰᠤᠶᠤᠯ ᠤᠨ ᠥᠪ ᠤᠨ ᠲᠠᠯ᠎ᠠ ᠶᠢᠨ ᠰᠢᠨ᠎ᠡ ᠪᠥᠲᠦᠭᠡᠯ ᠢ ᠬᠦᠢᠴᠡᠳ ᠢᠯᠡᠷᠡᠭᠦᠯᠵᠦ᠂ ᠤᠭᠰᠠᠭᠠᠲᠠᠨ ᠵᠦᠢ᠂ ᠬᠦᠮᠦᠨ ᠵᠦᠢ ᠶᠢᠨ ᠰᠤᠳᠤᠯᠭᠠᠨ ᠤ ᠠᠵᠢᠯ ᠢ ᠲᠦᠯᠬᠢᠨ ᠠᠬᠢᠭᠤᠯᠵᠤ᠂ ᠮᠣᠩᠭᠤᠯ ᠦᠨᠳᠦᠰᠦᠲᠡᠨ ᠤ ᠪᠤᠳᠠᠰ ᠤᠨ ᠪᠣᠰᠤ ᠰᠤᠶᠤᠯ ᠤᠨ ᠥᠪ ᠤᠨ ᠡᠷᠳᠡᠮ ᠰᠢᠨᠵᠢᠯᠡᠭᠡᠨ ᠤ ᠦᠷ᠎ᠡ ᠪᠥᠲᠦᠭᠡᠯ ᠪᠣᠯᠣᠨ ᠵᠠᠰᠠᠭ ᠤᠨ ᠣᠷᠳᠣᠨ᠂ ᠡᠷᠳᠡᠮ ᠰᠢᠨᠵᠢᠯᠡᠭᠡᠨ ᠤ ᠪᠠᠶᠢᠭᠤᠯᠣᠮᠵᠢ᠂ ᠨᠡᠶᠢᠭᠡᠮ ᠤᠨ ᠬᠦᠴᠦᠨ ᠤ ᠬᠤᠭᠤᠷᠤᠨᠳᠤᠬᠢ ᠰᠣᠯᠢᠯᠴᠠᠭ᠎ᠠ ᠬᠠᠮᠲᠤᠷᠠᠯᠴᠠᠭ᠎ᠠ᠂ ᠲᠤᠬᠠᠢ ᠶᠢᠨ ᠭᠠᠵᠠᠷ ᠣᠷᠤᠨ ᠤ ᠰᠤᠶᠤᠯ ᠤᠨ ᠠᠮᠢ ᠠᠬᠤᠢ ᠶᠢᠨ ᠣᠯᠠᠨ ᠶᠠᠩᠵᠤᠲᠤ ᠴᠢᠨᠠᠷ ᠢ ᠬᠠᠮᠠᠭᠠᠯᠠᠵᠤ᠂ ᠡᠶ᠎ᠡ ᠵᠣᠬᠢᠴᠠᠯᠲᠠᠢ ᠨᠡᠶᠢᠭᠡᠮ ᠤᠨ ︽ᠲᠠᠪᠣᠨ ᠪᠣᠯᠪᠠᠰᠤᠨ︾ ᠤ ᠪᠥᠲᠦᠭᠡᠨ ᠪᠠᠶᠢᠭᠤᠯᠤᠯᠲᠠ ᠶᠢᠨ ᠲᠡᠩᠴᠡᠭᠦᠷᠢᠲᠠᠢ ᠬᠥᠭᠵᠢᠯᠲᠡ ᠬᠢᠭᠡᠳ ᠬᠠᠮᠲᠣᠪᠡᠷ ᠬᠥᠭᠵᠢᠬᠦ ᠶᠢ ᠲᠦᠯᠬᠢᠨ ᠠᠬᠢᠭᠤᠯᠵᠠᠢ᠃